ᠰᠠᠭᠠᠳᠠᠭ ᠰᠣᠮᠣ ᠦᠨᠳᠣᠰᠣᠲᠡᠨ ᠤ ᠪᠦᠯᠬᠦᠮᠳᠡᠯ ᠲᠠᠪᠰᠢᠯᠲᠠ ᠶᠢ ᠲᠠᠰᠣᠷᠠᠯᠲᠠ ᠦᠬᠡᠢ ᠠᠬᠢᠭᠤᠯᠪᠠ
ᠨᠡᠶᠢᠲᠡᠯᠡᠭᠰᠡᠨ ᠴᠠᠭ᠄
2025/4/18
      ᠣᠷᠠᠳ ᠤᠨ ᠡᠮᠦᠨᠡᠲᠤ ᠬᠤᠰᠢᠭᠤᠨ ᠤ ᠰᠠᠭᠠᠳᠠᠭ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠭᠤᠣᠯ ᠰᠢᠵᠢᠮ ᠢ ᠪᠠᠲᠤ ᠴᠣᠭᠴᠠᠯᠠᠬᠤ ᠪᠠᠷ ᠭᠤᠣᠯᠳᠠᠭᠤᠯᠵᠤ᠂ ᠥᠷᠭᠡᠨ ᠤᠯᠠᠨ ᠠᠷᠠᠳ ᠲᠦᠮᠡᠨ ᠤ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠣᠨ᠂ ︽ᠠᠮᠢ ᠠᠬᠤᠢ ᠶᠢ ᠬᠠᠮᠠᠭᠠᠯᠠᠬᠤ + ᠦᠨᠳᠦᠰᠦᠲᠡᠨ ᠤ ᠪᠦᠯᠬᠦᠮᠳᠡᠯ︾ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠰᠤᠮᠤ ᠪᠣᠯᠭᠠᠵᠤ᠂ ᠣᠷᠣᠰᠢᠨ ᠰᠠᠭᠤᠬᠤ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ  ᠪᠠᠶᠢᠭᠤᠯᠪᠠ᠃     ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠲᠣᠰ ᠰᠤᠮᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠂ ︽ᠭᠤᠤᠯ ᠮᠥᠷᠡᠨ ᠤ ᠳᠠᠷᠤᠭ᠎ᠠ ᠶᠢᠨ ᠲᠦᠷᠢᠮ︾᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽ᠭᠤᠤᠯ ᠮᠥᠷᠡᠨ ᠤ ᠳᠠᠷᠤᠭ᠎ᠠ ᠶᠢ ᠱᠠᠲᠤ ᠬᠤᠪᠢᠶᠠᠨ ᠬᠠᠮᠢᠶᠠᠷᠴᠤ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠣᠷᠣᠯᠴᠠᠬᠤ︾  ᠲᠣᠭᠲᠠᠴᠠ ᠶᠢ  ᠬᠡᠷᠡᠭᠵᠢᠬᠦᠯᠦᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠰᠤᠮᠤ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠪᠠ᠃ ᠶᠠᠷᠢᠯᠴᠠᠬᠤ ᠬᠤᠷᠠᠯ ᠡᠷᠭᠢᠯᠡᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠢᠳᠡᠪᠬᠢᠲᠡᠶ ᠴᠤᠭᠯᠠᠭᠤᠯᠵᠤ᠂ ᠴᠠᠭ ᠲᠤᠬᠠᠶ ᠳᠤᠨᠢ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠦᠨᠳᠦᠰᠦᠨ ᠱᠠᠲᠤᠨ ᠤ ᠵᠠᠰᠠᠯᠲᠠ ᠶᠢᠨ ᠭᠤᠤᠯ ᠣᠷᠣᠯᠴᠠᠭᠴᠢ ᠪᠠ ᠠᠰᠢᠭ ᠬᠦᠷᠲᠡᠭᠴᠢ ᠪᠣᠯᠭᠠᠨ᠂ ᠰᠠᠶᠢᠨ ᠰᠠᠶᠢᠬᠠᠨ ᠠᠮᠢ ᠠᠬᠤᠶ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ ᠰᠣᠮᠣ ᠶᠢᠨ  ᠣᠶᠢᠷ᠎ᠠ ᠬᠠᠪᠢ᠂ ᠵᠠᠰᠠᠮᠠᠯ ᠵᠠᠮ ᠳᠠᠭᠠᠤ᠂ ᠰᠣᠶᠣᠯ ᠤᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠺᠠᠳ᠋ᠷ ᠣᠯᠠᠨ ᠲᠦᠮᠡᠨ ᠢ ᠳᠠᠶᠢᠴᠢᠯᠠᠨ 40 ᠭᠠᠷᠤᠶ ᠬᠥᠮᠦᠨ ᠢ ᠳᠠᠶᠢᠴᠢᠯᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ᠂ ᠨᠣᠭᠤᠭᠠᠷᠠᠭᠤᠯᠵᠤ ᠭᠤᠶᠤᠵᠢᠭᠤᠯᠬᠤ ᠪᠥᠲᠥᠭᠡᠨ ᠪᠠᠶᠢᠭᠤᠯᠤᠯᠲᠠ ᠶᠢ ᠨᠠᠷᠢᠯᠢᠭ ᠣᠨᠣᠴᠠᠲᠠᠶ ᠪᠠᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠢ ᠨᠣᠭᠤᠭᠠᠷᠠᠭᠤᠯᠵᠤ ᠭᠤᠶᠤᠵᠢᠭᠤᠯᠪᠠ᠃ ᠡᠬᠦᠨ ᠠᠴᠠ ᠭᠠᠳᠠᠨ᠎ᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠦᠢᠯᠡᠳᠦᠯᠭᠡ ᠳᠤ ᠢᠳᠡᠪᠬᠢᠲᠡᠶ ᠣᠷᠣᠯᠴᠠᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠬᠠᠮᠲᠤ ᠪᠠᠷ ᠬᠡᠷᠡᠭᠵᠢᠭᠦᠯᠦᠨ᠂ ᠨᠤᠲᠤᠭ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠢ ᠬᠦᠷᠢᠶᠡᠯᠡᠬᠦ᠂ ᠡᠪᠡᠰᠦ ᠲᠠᠷᠢᠵᠤ ᠬᠦᠷᠣᠰᠣ ᠶᠢ ᠨᠣᠭᠤᠭᠠᠷᠠᠭᠤᠯᠬᠤ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ᠃ ᠮᠠᠯᠴᠢᠨ ᠲᠦᠮᠡᠨ ᠢ ᠵᠣᠷᠢᠭᠵᠢᠭᠤᠯᠤᠨ ᠤᠯᠠᠮᠵᠢᠯᠠᠯᠲᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠬᠠᠰᠢᠶᠠᠯᠠᠨ ᠲᠡᠵᠢᠭᠡᠵᠦ ᠮᠠᠯᠯᠠᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠵᠦ᠂ ᠮᠠᠯ ᠲᠡᠵᠢᠭᠡᠪᠦᠷᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠳᠠᠷᠤᠯᠲᠠ ᠶᠢ ᠪᠠᠭᠠᠰᠬᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ  ᠪᠡᠶᠡᠯᠡᠬᠦᠯᠪᠡ᠃ ᠡᠬᠦᠨ ᠠᠴᠠ ᠭᠠᠳᠠᠨ᠎ᠠ᠂ ᠲᠣᠰ ᠰᠤᠮᠤ ᠣᠷᠣᠨ ᠨᠤᠲᠤᠭ ᠤᠨ ᠡᠬᠢ ᠪᠠᠶᠠᠯᠢᠭ ᠢ ᠭᠦᠨ ᠠᠭᠤᠳᠠᠯᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠪᠣᠬᠢᠷᠲᠤᠯ ᠥᠬᠡᠶ᠂ ᠪᠠᠷᠢᠮᠵᠢᠶᠠᠵᠢᠭᠤᠯᠤᠭᠰᠠᠨ᠂ ᠨᠠᠷᠠᠲᠤ ᠲᠡᠮᠳᠡᠭᠵᠢᠭᠦᠯᠦᠯᠲᠡ ᠳᠠᠰᠢ ᠤᠷᠤᠭᠰᠢᠯᠠᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ  ᠪᠣᠯᠣᠨ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯᠴᠢᠳ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠪᠡ᠃     ᠰᠠᠭᠠᠳᠠᠭ ᠰᠤᠮᠤ ᠢᠮᠠᠭᠲᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠤᠲᠤᠭ ᠪᠡᠯᠴᠢᠭᠡᠷ ᠤᠨ ᠠᠮᠢ ᠠᠬᠤᠢ  ᠶᠢ ᠬᠠᠮᠠᠭᠠᠯᠠᠬᠤ ᠶᠢ ᠨᠢᠭᠲᠠ ᠤᠶᠠᠯᠳᠤᠭᠤᠯᠵᠤ᠂ ᠰᠤᠮᠤ  ᠪᠠᠨ ᠦᠵᠡᠰᠬᠦᠯᠡᠩᠲᠦ ᠰᠠᠶᠢᠬᠠᠨ ᠭᠠᠳᠠᠭᠠᠳᠤ ᠣᠷᠴᠢᠨ ᠲᠣᠭᠤᠷᠢᠨ  ᠲᠠᠢ ᠪᠠᠷ ᠪᠠᠶᠢᠯᠭᠠᠬᠤ ᠪᠠᠷ ᠪᠠᠷᠠᠬᠤ ᠦᠭᠡᠢ ᠲᠣᠲᠣᠭᠠᠲᠣ  ᠳᠤ ᠪᠠᠨ ᠨᠡᠩ ᠴᠣ᠋ ᠪᠦᠯᠬᠦᠮᠳᠡᠯ ᠲᠠᠢ ᠡᠶ᠎ᠡ ᠵᠣᠬᠢᠴᠠᠯ ᠲᠠᠢ ᠠᠭᠤᠷ ᠠᠮᠢᠰᠬᠤᠯ ᠲᠠᠢ  ᠪᠣᠯᠭᠠᠵᠣ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠡᠶ᠎ᠡ ᠵᠣᠬᠢᠴᠠᠯ ᠲᠠᠢ ᠪᠠᠷ ᠬᠥᠭᠵᠢᠬᠦ ᠰᠢᠨ᠎ᠡ ᠬᠠᠭᠤᠳᠠᠰᠤ ᠶᠢ  ᠪᠢᠴᠢᠭᠯᠡᠵᠦ ᠪᠣᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ