ᠣᠶᠢᠷ᠎ᠠ ᠶᠢᠨ ᠡᠳᠦᠷ ᠤᠳ ᠲᠤ᠂ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠶᠢᠨ ᠲᠠᠷᠢᠶᠠᠨ ᠭᠠᠵᠠᠷ ᠲᠤ ᠲᠣᠮᠣ ᠬᠡᠯᠪᠡᠷᠢ ᠶᠢᠨ | ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠬᠤ ᠮᠠᠰᠢᠨ ᠰᠦᠯᠵᠢᠯᠳᠦᠨ᠎ᠡ᠃ ︽ᠦᠯᠡᠳᠡᠭᠳᠡᠯ ᠪᠦᠷᠬᠦᠪᠴᠢ ᠨᠢ ᠲᠠᠷᠢᠶᠠᠨ ᠭᠠᠵᠠᠷ ᠲᠤ ᠦᠯᠡᠳᠡᠪᠡᠯ | ᠬᠥᠷᠥᠰᠥ ᠰᠢᠷᠣᠢ ᠶᠢᠨ ᠥᠩ ᠰᠢᠮ᠎ᠡ ᠪᠠ ᠭᠠᠵᠠᠷ ᠰᠢᠷᠣᠢ ᠶᠢᠨ ᠦᠢᠯᠡᠳᠪᠦᠷᠢᠯᠡᠯ ᠤᠨ ᠬᠦᠴᠦᠨ ᠢ ᠪᠠᠭᠤᠷᠠᠭᠤᠯᠳᠠᠭ᠂ ᠤᠳᠤ ᠵᠠᠰᠠᠭ ᠤᠨ ᠣᠷᠳᠣᠨ ᠠᠴᠠ | ᠪᠠᠰᠠ ᠮᠦ ᠪᠦᠷᠢ ᠳᠤ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠨᠥᠬᠦᠪᠥᠷᠢ ᠥᠭᠴᠦ ᠪᠠᠶᠢᠨ᠎ᠠ᠂ ᠮᠠᠰᠢ ᠰᠠᠶᠢᠨ ᠶᠠᠪᠤᠳᠠᠯ︾ ᠬᠡᠮᠡᠨ ᠬᠦᠨᠬᠤᠳᠳᠤᠭ | ᠭᠠᠴᠠᠬᠠᠨ ᠤ ᠲᠤᠮᠤ ᠡᠷᠦᠬᠡ ᠫᠠᠩ ᠲᠠᠢ ᠫᠢᠩ ᠰᠣᠷᠪᠣᠯᠵᠢᠯᠠᠭᠴᠢ ᠳᠤ ᠬᠡᠯᠡᠨ᠎ᠡ ᠃ | ᠣᠶᠢᠯᠠᠭᠠᠭᠰᠠᠨ ᠢᠶᠠᠷ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠲᠠᠯ᠎ᠠ ᠪᠠᠷ᠂ ᠡᠷᠳᠡᠨᠢᠪᠤᠯᠠᠭ ᠰᠤᠮᠤ ᠵᠣᠬᠢᠬᠤ ᠪᠠᠯᠠ | ᠮᠥᠩᠭᠦ ᠶᠢᠨ ᠨᠥᠬᠦᠪᠥᠷᠢ ᠥᠭᠬᠦ ᠠᠷᠭ᠎ᠠ ᠪᠠᠷ ᠳᠠᠮᠵᠢᠭᠤᠯᠤᠨ ᠮᠠᠯᠴᠢᠨ ᠲᠠᠷᠢᠶᠠᠴᠢᠳ ᠤᠨ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠳᠤ | ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠬᠦ ᠶᠢᠨ ᠬᠠᠮᠲᠤ ᠥᠨᠳᠥᠷ ᠪᠦᠲᠦᠮᠵᠢᠲᠡᠶ ᠪᠠᠷ ᠬᠤᠷᠢᠶᠠᠨ ᠠᠪᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠳᠡᠭᠡᠭᠰᠢ ᠲᠤᠰᠢᠶᠠᠬᠤ᠂ ᠰᠢᠢᠳᠪᠦᠷᠢᠯᠡᠬᠦ ᠡᠯ᠎ᠡ | ᠭᠤᠭᠴᠤᠭ᠎ᠠ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠬᠦᠯᠪᠡ᠃ | ᠰᠦᠯᠢᠶᠣᠣ ᠪᠦᠷᠬᠦᠪᠴᠢ ᠨᠢ ᠳᠤᠯᠠᠭᠠᠨ ᠢ ᠬᠠᠮᠠᠭᠠᠯᠠᠬᠤ᠂ ᠴᠢᠭᠢᠭ ᠢ ᠬᠠᠮᠠᠭᠠᠯᠠᠬᠤ᠂ ᠪᠤᠷᠳᠤᠭᠤᠷ ᠨᠡᠮᠡᠬᠦ᠂ ᠡᠪᠡᠰᠦ ᠠᠷᠢᠯᠭᠠᠬᠤ ᠵᠡᠷᠭᠡ ᠢᠯᠡᠳᠲᠡ | ᠦᠢᠯᠡᠳᠦᠯ ᠲᠠᠢ ᠶᠤᠮ᠂ ᠭᠡᠪᠡᠴᠦ ᠡᠭᠡᠭᠦᠯᠦᠨ ᠬᠤᠷᠢᠶᠠᠬᠤ ᠨᠢ ᠵᠣᠬᠢᠰ ᠦᠭᠡᠢ ᠪᠣᠯ ᠭᠠᠵᠠᠷ ᠰᠢᠷᠣᠢ ᠳᠤ ᠬᠦᠨᠳᠦ ᠲᠠᠷᠤᠭᠠᠰᠤ ᠠᠪᠴᠢᠷᠠᠬᠤ ᠪᠣᠯᠤᠨ᠎ᠠ᠃ ︽ | ᠡᠷᠳᠡᠨᠢᠪᠤᠯᠠᠭ ᠰᠤᠮᠤ ᠶᠢᠨ ᠲᠠᠷᠢᠶᠠᠨ ᠭᠠᠵᠠᠷ ᠤᠨ ᠲᠠᠯᠠᠪᠠᠶ ᠨᠢ 18.6 ᠲᠦᠮᠡ ᠭᠠᠷᠤᠶ ᠮᠥ ᠪᠠᠶᠢᠵᠤ᠂ ᠵᠢᠯ ᠪᠦᠷᠢ ᠶᠢᠨ ᠰᠦᠯᠢᠶᠣᠣ ᠪᠦᠷᠬᠦᠪᠴᠢ ᠶᠢᠨ | ᠬᠡᠷᠡᠭᠯᠡᠯᠲᠡ ᠶᠢᠨ ᠬᠡᠮᠵᠢᠶ᠎ᠡ 600 ᠲᠣᠨ ᠣᠷᠴᠢᠮ ᠳᠤ ᠬᠦᠷᠴᠦ᠂ ᠰᠦᠯᠢᠶᠣᠣ ᠪᠦᠷᠬᠦᠪᠴᠢ ᠶᠢᠨ ᠪᠣᠶ ᠪᠣᠯᠭᠠᠭᠰᠠᠨ ︽ᠴᠠᠭᠠᠨ ᠪᠣᠬᠢᠷᠲᠤᠯ︾ ᠨᠢ | ᠰᠤᠮᠤᠨ ᠤ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠪᠠ ᠠᠮᠢ ᠠᠬᠤᠶ ᠶᠢᠨ ᠬᠠᠮᠠᠭᠠᠯᠠᠯᠲᠠ ᠶᠢ ᠬᠢᠵᠠᠭᠠᠷᠯᠠᠵᠤ ᠪᠠᠶᠢᠭᠰᠠᠨ ᠲᠣᠪᠤᠶᠢᠮ᠎ᠠ ᠠᠰᠠᠭᠤᠳᠠᠯ | ᠪᠣᠯᠪᠠ︾ ᠬᠡᠮᠡᠨ ᠡᠷᠳᠡᠨᠢᠪᠤᠯᠠᠭ ᠰᠤᠮᠤᠨ ᠤ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠠᠩ ᠹᠧᠢ ᠬᠡᠯᠡᠵᠦ ᠪᠠᠶᠢᠪᠠ᠃ ︽ᠴᠠᠭᠠᠨ ᠪᠣᠬᠢᠷᠲᠤᠯ︾ ᠢ | ᠪᠦᠲᠦᠮᠵᠢᠲᠡᠶ ᠰᠡᠷᠭᠡᠶᠢᠯᠡᠨ ᠵᠠᠰᠠᠬᠤ ᠶᠢᠨ ᠲᠥᠯᠥᠭᠡ᠂ ᠲᠣᠰ ᠰᠣᠮᠣ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠬᠦᠯᠦᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠨᠢᠭᠡ ᠲᠠᠯ᠎ᠠ ᠪᠠᠷ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠬᠤᠤᠷ | ᠬᠥᠨᠥᠭᠡᠯ ᠢ ᠥᠷᠭᠡᠨ ᠢᠶᠠᠷ ᠣᠬᠠᠭᠤᠯᠣᠨ᠂ ᠮᠠᠯᠴᠢᠨ ᠲᠠᠷᠢᠶᠠᠴᠢᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ | ᠬᠤᠷᠢᠶᠠᠬᠤ ᠢᠳᠡᠪᠬᠢᠵᠢᠯ ᠢ ᠬᠦᠭᠵᠢᠭᠡᠨ︔ ᠨᠥᠭᠦᠭᠡ ᠲᠠᠯ᠎ᠠ ᠪᠠᠷ ᠪᠠᠯᠠ ᠮᠥᠩᠭᠦ ᠪᠠᠷ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ | ᠰᠤᠮᠤᠨ ᠳᠤ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠪᠠ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠶᠡᠬᠡᠪᠡᠷ | ᠳᠡᠯᠭᠡᠷᠡᠭᠦᠯᠦᠨ ᠬᠡᠷᠡᠭᠯᠡᠵᠦ᠂ ᠤᠯᠠᠮᠵᠢᠯᠠᠯᠲᠤ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠪᠠ ᠦᠯᠡᠳᠡᠭᠳᠡᠯ ᠢ ᠪᠠᠭᠠᠰᠬᠠᠬᠤ ᠶᠢᠨ ᠬᠠᠮᠲᠤ᠂ ᠪᠦᠷᠬᠦᠪᠴᠢ | ᠦᠭᠡᠢ ᠡᠷᠳᠡᠨᠢ ᠰᠢᠰᠢ ᠳᠠᠷᠢᠬᠤ ᠲᠤᠷᠰᠢᠯᠲᠠ ᠶᠢ ᠥᠷᠨᠢᠭᠦᠯᠵᠦ᠂ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠨ᠎ᠡ ᠠᠷᠭ᠎ᠠ ᠵᠠᠮ ᠢ | ᠬᠠᠶᠢᠨ ᠰᠦᠪᠡᠭᠴᠢᠯᠡᠵᠦ᠂ ︽ᠴᠠᠭᠠᠨ ᠪᠣᠬᠢᠷᠲᠤᠯ︾ ᠢ ᠡᠬᠢ ᠡᠭᠦᠰᠦᠯ ᠠᠴᠠ ᠨᠢ ᠰᠢᠢᠳᠪᠦᠷᠢᠯᠡᠵᠦ ᠪᠠᠶᠢᠨ᠎ᠠ᠃ | ᠣᠳᠣᠬᠠᠨ ᠪᠣᠯᠲᠠᠯ᠎ᠠ᠂ ᠡᠷᠳᠡᠨᠢᠪᠤᠯᠠᠭ ᠰᠤᠮᠤ ᠨᠢᠭᠡᠨᠲᠡ 12 ᠲᠦᠮᠡᠨ ᠮᠥ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠴᠤ᠂ ᠡᠨᠡ ᠨᠢ | ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 65% ᠣᠷᠴᠢᠮ ᠢ ᠡᠵᠡᠯᠡᠪᠡ᠃ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠦᠭᠰᠡᠨ ᠥᠨᠳᠥᠷ ᠬᠦᠴᠦᠯᠡᠴᠡ ᠲᠠᠢ | ᠰᠦᠯᠢᠶᠣᠣ ᠪᠦᠷᠬᠦᠪᠴᠢ ᠶᠢ 84 ᠲᠣᠨ᠂ 2.1 ᠲᠦᠮᠡᠨ ᠮᠦ ᠬᠡᠷᠡᠭᠯᠡᠵᠦ᠂ ᠪᠦᠷᠢᠨ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ | 210 ᠲᠣᠨ᠂ 4.2 ᠲᠦᠮᠡᠨ ᠮᠦ ᠳᠤ ᠳᠡᠯᠭᠡᠷᠡᠭᠦᠯᠪᠡ᠃ ᠡᠭᠦᠨ ᠠᠴᠠ ᠭᠠᠳᠠᠨ᠎ᠠ᠂ ᠡᠷᠳᠡᠨᠢᠪᠤᠯᠠᠭ ᠰᠤᠮᠤ ᠪᠠᠰᠠ ᠡᠷᠳᠡᠨᠢ ᠰᠢᠰᠢ ᠶᠢ ᠪᠦᠷᠬᠦᠭᠦᠯ | ᠥᠬᠡᠶ ᠪᠠᠷ 1000 ᠮᠥ ᠵᠠᠯᠭᠠᠯᠳᠤᠭᠤᠯᠤᠨ ᠳᠠᠷᠢᠬᠤ ᠶᠢ ᠢᠳᠡᠪᠬᠢᠲᠡᠶ ᠬᠠᠶᠢᠨ ᠰᠦᠪᠡᠭᠴᠢᠯᠡᠭᠰᠡᠨ ᠠᠴᠠ 2024 ᠣᠨ ᠳᠤ᠂ ᠲᠣᠰ ᠲᠤᠷᠰᠢᠯᠲᠠ ᠶᠢᠨ | ᠴᠡᠭ ᠨᠢ ᠲᠤᠬᠠᠶ ᠶᠢᠨ ᠭᠠᠵᠠᠷ ᠤᠨ ᠤᠨᠠᠯᠲᠠ ᠶᠢ ᠬᠡᠮᠵᠢᠬᠦ ᠳᠤᠮᠳᠠ ᠮᠥ ᠪᠦᠷᠢ ᠶᠢᠨ ᠤᠨᠠᠯᠲᠠ ᠨᠢ 1432.66 ᠺᠢᠯᠣᠭ᠍ᠷᠠᠮ ᠳᠤ ᠬᠦᠷᠴᠣ᠂ ᠥᠪᠡᠷᠲᠡᠭᠡᠨ | ᠵᠠᠰᠠᠬᠤ ᠣᠷᠣᠨ ᠤ ᠵᠠᠭᠤᠨ ᠮᠥ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠤᠷᠤᠯᠳᠤᠭᠠᠨ ᠤ ᠬᠤᠶᠠᠳᠤᠭᠠᠷ ᠲᠤ | ᠣᠷᠣᠭᠰᠠᠨ ᠪᠠᠶᠠᠷᠯᠠᠭᠤᠰᠢᠲᠠᠶ ᠬᠢᠷᠢ ᠪᠦᠲᠦᠮᠵᠢ ᠶᠢ ᠤᠯᠪᠠ᠃ |