4 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠨᠤᠮ ᠪᠧᠩ ᠤᠨ ᠸᠠᠩ ᠤᠨ ᠣᠷᠳᠣᠨ ᠳᠤ ᠺᠠᠮᠪᠤᠵᠠ ᠶᠢᠨ ᠸᠠᠩ ᠤᠨ | ᠡᠬᠡ ᠮᠤᠨᠢᠯᠢᠶᠧ ᠲᠠᠢ ᠠᠭᠤᠯᠵᠠᠪᠠ᠃ | ᠰᠢ ᠶᠢᠨ ᠫᠢᠩ ᠮᠤᠨᠢᠯᠢᠶᠧ ᠳᠤ ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠸᠠᠩ ᠤᠨ ᠡᠴᠢᠭᠡ ᠰᠢᠬᠠᠨᠥ᠋ᠺᠧ ᠪᠣᠯ ᠳᠤᠮᠳᠠᠳᠤ ᠺᠠᠮᠪᠤᠵᠠ ᠶᠢᠨ ᠨᠥᠬᠦᠷᠯᠡᠯ ᠤᠨ ᠨᠢᠭᠡᠨ ᠲᠤᠭ ᠲᠡᠮᠳᠡᠭ ᠮᠥᠨ᠂ ᠳᠤᠮᠳᠠᠳᠤ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠺᠠᠮᠪᠤᠵᠠ ᠶᠢᠨ ᠡᠪᠳᠡᠷᠡᠰᠢ ᠦᠭᠡᠢ ᠬᠠᠳᠠᠨ ᠪᠠᠲᠤ ᠨᠥᠬᠦᠷᠯᠡᠯ ᠢ ᠴᠣᠭᠴᠠᠯᠠᠨ ᠪᠠᠶᠢᠭᠤᠯᠪᠠ᠂ | ᠪᠢᠳᠡ ᠲᠡᠭᠦᠨ ᠤ ᠦᠵᠡᠭᠦᠯᠦᠭᠰᠡᠨ ᠲᠡᠦᠬᠡᠲᠦ ᠴᠢᠨᠠᠷᠲᠠᠢ ᠬᠤᠪᠢ ᠨᠡᠮᠡᠷᠢ ᠶᠢ ᠡᠭᠦᠷᠢᠳᠡ ᠳᠤᠷᠠᠰᠤᠨ ᠰᠠᠨᠠᠭᠠᠯᠵᠠᠨ᠎ᠠ᠃ ᠸᠠᠩ ᠤᠨ ᠡᠬᠡ ᠮᠤᠨᠢᠯᠢᠶᠧ ᠪᠣᠯ | ᠳᠤᠮᠳᠠᠳᠤ ᠺᠠᠮᠪᠤᠵᠠ ᠶᠢᠨ ᠨᠥᠬᠦᠷᠯᠡᠯ ᠢ ᠪᠡᠶ᠎ᠡ ᠪᠠᠷ ᠢᠶᠠᠨ ᠥᠩᠭᠡᠷᠡᠭᠦᠯᠦᠭᠴᠢ ᠪᠠ ᠠᠬᠢᠭᠤᠯᠤᠭᠴᠢ ᠮᠥᠨ᠃ ᠳᠤᠮᠳᠠᠳᠤ ᠤᠯᠤᠰ ᠤᠨ ᠠᠷᠠᠳ ᠲᠦᠮᠡᠨ ᠳᠤ | ᠣᠨᠴᠠᠭᠠᠢ ᠨᠥᠭᠦᠷᠰᠡᠭ ᠰᠡᠳᠬᠢᠯᠭᠡ ᠲᠠᠢ ᠪᠠᠶᠢᠵᠤ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠥᠬᠦᠷᠯᠡᠯ ᠤᠨ ᠭᠠᠪᠢᠶᠠᠨ ᠲᠡᠮᠳᠡᠭ︾ ᠢ | ᠭᠥᠷᠳᠡᠭᠰᠡᠨ ᠨᠢ ᠨᠡᠷ᠎ᠡ ᠨᠢᠳᠡᠷ ᠲᠡᠭᠡᠨ ᠨᠡᠶᠢᠴᠡᠵᠡᠢ᠃ ᠳᠤᠮᠳᠠᠳᠤ ᠤᠯᠤᠰ ᠪᠣᠯ ᠲᠠᠨ ᠤ ᠬᠤᠶᠠᠳᠤᠭᠠᠷ ᠭᠡᠷ᠂ ᠬᠡᠵᠢᠶ᠎ᠡ ᠠᠯᠢ ᠴᠠᠭ ᠲᠤ ᠴᠸ ᠭᠡᠰᠡᠨ | ᠳᠤᠮᠳᠠᠳᠤ ᠤᠯᠤᠰ ᠲᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠮᠤᠨᠢᠯᠢᠶᠧ᠂ ᠲᠡᠷᠢᠭᠦᠯᠡᠭᠴᠢ ᠰᠢ ᠶᠢᠨ ᠫᠢᠩ ᠪᠣᠯ ᠺᠠᠮᠪᠤᠵᠠ ᠶᠢᠨ ᠬᠠᠮᠤᠭ ᠤᠨ ᠠᠭᠤᠤ ᠶᠡᠭᠡ ᠨᠠᠶᠢᠵᠠ ᠮᠥᠨ᠂ ᠡᠨᠡ ᠤᠳᠠᠭ᠎ᠠ ᠶᠢᠨ ᠠᠶᠢᠯᠴᠢᠯᠠᠯᠲᠠ | ᠪᠣᠯ ᠺᠠᠮᠪᠤᠵᠠ ᠶᠢᠨ ᠪᠦᠭᠦ ᠠᠷᠠᠳ ᠲᠦᠮᠡᠨ ᠤ ᠲᠤᠶᠢᠯ ᠤᠨ ᠶᠡᠭᠡ ᠢᠷᠠᠭᠤ ᠠᠯᠳᠠᠷ ᠮᠥᠨ᠃ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ | ᠤᠳᠤᠷᠢᠳᠬᠤ ᠬᠥᠮᠥᠰ ᠤᠨ ᠴᠣᠭᠴᠠᠯᠠᠨ ᠪᠠᠶᠢᠭᠤᠯᠤᠭᠰᠠᠨ ᠳᠤᠮᠳᠠᠳᠤ ᠺᠠᠮᠪᠤᠵᠠ ᠶᠢᠨ ᠨᠥᠬᠦᠷᠯᠡᠯ ᠲᠠᠰᠤᠷᠠᠯᠲᠠ ᠦᠭᠡᠢ ᠪᠠᠬᠢᠵᠢᠨ ᠬᠥᠭᠵᠢᠵᠦ ᠪᠠᠶᠢᠬᠤ ᠶᠢ | ᠬᠠᠷᠠᠭᠠᠳ ᠮᠠᠰᠢ ᠪᠠᠶᠠᠷᠯᠠᠵᠤ ᠪᠠᠶᠢᠨ᠎ᠠ᠂ ᠬᠤᠶᠠᠷ ᠤᠯᠤᠰ ᠤᠨ ᠬᠠᠳᠠᠨ ᠪᠠᠲᠤ ᠨᠥᠬᠦᠷᠯᠡᠯ ᠨᠡᠩ ᠭᠦᠨ ᠵᠤᠵᠠᠭᠠᠨ᠂ ᠡᠪᠳᠡᠷᠡᠰᠢ ᠦᠭᠡᠢ ᠪᠠᠲᠤ ᠪᠠᠬᠢ | ᠪᠠᠶᠢᠬᠤ ᠶᠢ ᠢᠲᠡᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠠᠬᠢᠭᠤᠯᠬᠤ ᠵᠠᠮ ᠳᠡᠭᠡᠷ᠎ᠡ ᠨᠡᠩ ᠶᠡᠭᠡ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠢᠯᠡᠳᠬᠡᠪᠡ᠃ | | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ︶ | |