︽ᠡᠭᠡᠯ ᠪᠣᠷᠣᠭᠵᠢᠭᠤᠨ ᠦᠭᠡ - ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶  ᠶᠢ ᠡᠬᠢᠯᠡᠨ ᠨᠠᠪᠲᠠᠷᠡᠭᠦᠯᠵᠦ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠬᠦ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/4/18
    4 ᠰᠠᠷ᠎ᠠ ᠶᠢᠨ 14 ᠤ ᠡᠳᠦᠷ᠂ ︽ᠡᠭᠡᠯ ᠪᠣᠷᠣᠭᠵᠢᠭᠤᠨ ᠦᠭᠡ - ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶ ᠶᠢ ᠸᠢᠶᠧᠲᠨᠠᠮ ᠳᠤ ᠡᠬᠢᠯᠡᠨ ᠨᠡᠪᠲᠡᠷᠡᠭᠦᠯᠪᠡ᠃ ᠲᠤᠰ ᠡᠳᠦᠷ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠸᠢᠶᠧᠲᠨᠠᠮ ᠤᠨ ᠲᠧᠯᠸᠢᠰ ᠬᠤᠷᠢᠶ᠎ᠠ ᠶᠢᠨ ᠬᠠᠮᠲᠤᠷᠠᠯᠴᠠᠭᠠᠨ ᠤ ᠶᠣᠰᠣᠯᠠᠯ - ᠳᠤᠮᠳᠠᠳᠤ ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠬᠠᠨᠤᠢ ᠳᠤ ᠶᠠᠪᠤᠭᠳᠠᠪᠠ᠃    ︽ᠡᠭᠡᠯ ᠪᠣᠷᠣᠭᠵᠢᠭᠤᠨ ᠦᠭᠡ - ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠸᠢᠶᠧᠲᠨᠠᠮ ᠬᠡᠯᠡᠨ ᠤ ᠬᠡᠪᠯᠡᠯ︶ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ ᠪᠣᠯᠣᠨ ᠶᠠᠷᠢᠯᠴᠠᠭ᠎ᠠ ᠳᠤ ᠡᠰᠢᠯᠡᠨ ᠬᠡᠷᠡᠭᠯᠡᠭᠰᠡᠨ ᠳᠤᠮᠳᠠᠳᠤ ᠤᠯᠤᠰ ᠤᠨ ᠡᠷᠲᠡᠨ ᠤ ᠨᠣᠮ ᠪᠢᠴᠢᠭ ᠪᠣᠯᠣᠨ ᠰᠣᠩᠭᠤᠳᠠᠭ ᠨᠡᠷᠡᠲᠦ ᠥᠭᠦᠯᠡᠪᠦᠷᠢ ᠶᠢ ᠰᠣᠩᠭᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠠᠷᠮᠠᠭᠠᠢ ᠤᠯᠤᠰ ᠲᠦᠷᠦ ᠶᠢᠨ ᠤᠶᠤᠨ ᠤᠬᠠᠭᠠᠨ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠵᠢᠴᠢ ᠥᠷᠭᠡᠨ ᠳᠡᠯᠭᠡᠷ ᠲᠡᠦᠬᠡ ᠶᠢᠨ ᠦᠵᠡᠯᠲᠡ ᠪᠣᠯᠣᠨ ᠶᠢᠷᠲᠢᠨᠴᠦ ᠶᠢᠨ ᠦᠵᠡᠯᠲᠡ ᠶᠢ ᠠᠮᠢᠳᠤᠯᠢᠭ ᠢᠶᠠᠷ ᠢᠯᠡᠷᠡᠭᠦᠯᠵᠦ᠂ ᠸᠢᠶᠧᠲᠨᠠᠮ ᠤᠨ ᠦᠵᠡᠭᠴᠢᠳ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠣᠶᠣᠯ ᠤᠨ ᠡᠬᠢ ᠰᠤᠷᠪᠤᠯᠵᠢ ᠶᠢ ᠳᠡᠯᠭᠡᠨ ᠦᠵᠡᠭᠦᠯᠦᠨ᠎ᠡ᠃    ᠲᠤᠬᠠᠢ ᠶᠢᠨ ᠲᠠᠯᠠᠪᠠᠢ ᠳᠤ ᠪᠠᠰᠠ ︽ᠳᠤᠮᠳᠠᠳᠤ ᠸᠢᠶᠧᠲᠨᠠᠮ ᠤᠨ ᠵᠠᠭᠤᠴᠢᠯᠠᠭᠤᠷ ᠤᠨ ᠵᠠᠯᠠᠭᠤᠴᠤᠳ ᠤᠨ ᠤᠯᠤᠰ ᠠᠯᠤᠰᠯᠠᠭᠰᠠᠨ  ᠠᠶᠠᠯᠠᠯ︾ ᠤᠨ ᠠᠵᠢᠯᠯᠠᠭ᠎ᠠ ᠶᠢ ᠡᠬᠢᠯᠡᠭᠦᠯᠵᠦ᠂ ᠳᠤᠮᠳᠠᠳᠤ ᠸᠢᠶᠧᠲᠨᠠᠮ ᠤᠨ ᠵᠠᠯᠠᠭᠤ ᠰᠤᠷᠪᠤᠯᠵᠢᠯᠠᠬᠴᠢ ᠭᠤᠸᠠᠩᠰᠢ᠂ ᠶᠦᠨᠨᠠᠨ᠂ ᠬᠤᠪᠧᠢ᠂ ᠲᠢᠶᠠᠨᠵᠢᠨ ᠵᠡᠷᠭᠡ ᠭᠠᠵᠠᠷ ᠢᠶᠠᠷ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠭᠡᠯᠪᠡᠷᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠯ ᠬᠠᠯᠠᠭᠤᠨ ᠦᠢᠯᠡᠳᠦᠯᠭᠡ ᠪᠣᠯᠣᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠰᠦᠷ ᠳᠠᠯᠠᠶᠢᠴᠠᠲᠠᠢ ᠠᠮᠢᠵᠢᠷᠠᠯ ᠤᠨ ᠬᠦᠴᠦᠨ ᠢ ᠣᠶᠢᠯᠠᠭᠠᠵᠤ᠂ ᠭᠦᠨᠵᠡᠭᠡᠢ ᠠᠵᠢᠭᠯᠠᠬᠤ ᠪᠠ ᠰᠣᠯᠢᠯᠴᠠᠬᠤ ᠳᠤᠮᠳᠠ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠨ᠎ᠠ᠃    ︵ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ