ᠰᠢ ᠰᠢᠶᠤᠤ ᠵᠣᠣ ᠪᠠᠯᠭᠠᠰᠤ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/21
      ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠳᠬᠠᠬᠤ ᠶᠢᠨ ᠲᠤᠰᠠᠳᠠ᠂ ᠣᠷᠠᠳ ᠤᠨ ᠡᠮᠦᠨᠡᠲᠤ ᠬᠤᠰᠢᠭᠤᠨ ᠤ ᠰᠢ ᠰᠢᠶᠤᠤ ᠵᠣᠣ ᠪᠠᠯᠭᠠᠰᠤ ᠬᠡᠯᠪᠡᠷᠢ ᠶᠢᠨ ᠰᠢᠨ᠎ᠡ ᠶᠢ ᠡᠭᠦᠳᠴᠦ᠂ ᠨᠠᠷᠢᠯᠢᠭ ᠣᠨᠣᠴᠠᠲᠠᠶ ᠪᠠᠷ ᠬᠦᠴᠦᠯᠡᠨ᠂ ︽ᠰᠦᠯᠵᠢᠶᠡᠨ ᠭᠠᠳᠠᠨ᠎ᠠ + ᠰᠦᠯᠵᠢᠶᠡᠨ ᠳᠡᠭᠡᠷ᠎ᠡ︾ ︽ᠤᠯᠠᠮᠵᠢᠯᠠᠯ + ᠰᠢᠨᠵᠢᠯᠡᠬᠦ ᠤᠬᠠᠭᠠᠨ ᠮᠡᠷᠭᠡᠵᠢᠯ︾ ᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠬᠡᠪᠴᠢᠶᠡᠨ ᠳᠤ ᠤᠰᠤ ᠠᠷᠪᠢᠯᠠᠬᠤ ᠤᠬᠠᠭᠤᠯᠭ᠎ᠠ ᠶᠢᠨ ᠬᠠᠯᠠᠭᠤᠨ ᠥᠷᠨᠢᠯᠲᠡ ᠭᠠᠷᠭᠠᠵᠤ᠂ ᠤᠰᠤ ᠠᠷᠪᠢᠯᠠᠬᠤ ᠮᠠᠶ᠋ᠢᠭ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠶᠢ ᠳᠥᠯᠭᠢᠨ ᠠᠬᠢᠭᠤᠯᠪᠠ      ᠲᠣᠰ ᠪᠠᠯᠭᠠᠰᠤ ᠤᠰᠤ ᠠᠷᠪᠢᠯᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ᠂ ︽ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠮᠢᠳᠤᠷᠠᠯ ᠤᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ︾ ᠬᠠᠷᠠᠯᠲᠠ ᠶᠢᠨ ᠲᠣᠭᠤᠷᠢᠨ ᠳᠤ᠂ ︽ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠤᠤᠯᠯᠠᠭᠤᠯᠤᠨ᠂ ᠲᠣᠰᠬᠤᠨ ᠤ ︿ᠬᠤᠶᠠᠷ ᠵᠥᠪᠯᠡᠯ﹀ ᠬᠠᠮᠵᠢᠯᠴᠠᠨ ᠨᠠᠶᠢᠳᠠᠪᠤᠷᠢᠵᠢᠭᠤᠯᠬᠤ᠂ ᠣᠯᠠᠨ ᠲᠦᠮᠡᠨ ᠥᠷᠭᠡᠨ ᠢᠶᠠᠷ ᠣᠷᠣᠯᠴᠠᠬᠤ︾ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠣᠳᠣᠷᠬᠠᠶ  ᠪᠠᠶᠢᠭᠤᠯᠤᠨ᠂ ᠪᠥᠬᠦ ᠪᠠᠯᠭᠠᠰᠤ ᠪᠠᠷ ᠢᠶᠠᠨ ᠤᠰᠤ ᠠᠷᠪᠢᠯᠠᠬᠤ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠤᠰᠤ ᠠᠷᠪᠢᠯᠠᠬᠤ ᠤᠬᠠᠭᠤᠯᠭ᠎ᠠ ᠶᠢ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ  ᠪᠠᠨ ᠤᠶᠠᠯᠳᠤᠭᠤᠯᠤᠨ᠂ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ ᠵᠡᠷᠭᠡ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠬᠵᠢᠭᠤᠯᠤᠨ  ᠪᠠᠶᠢᠷᠢᠯᠠᠭᠤᠯᠪᠠ᠃ ᠬᠤᠷᠠᠯ ᠤᠨ ᠳᠠᠷᠠᠭ᠎ᠠ᠂ LED ᠡᠯᠧᠺᠲᠷᠣᠨ ᠳᠡᠯᠭᠡᠴᠡ ᠪᠠᠷ ᠤᠰᠤ ᠠᠷᠪᠢᠯᠠᠬᠤ  ᠸᠢᠳᠢᠣ᠋ ᠶᠢ ᠨᠡᠪᠲᠡᠷᠡᠭᠦᠯᠵᠦ᠂ ᠦᠨᠡᠨ ᠪᠣᠳᠠᠲᠠᠶ ᠲᠤᠭ᠎ᠠ ᠪᠠᠷᠢᠮᠲᠠ ᠪᠠᠷ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠣᠳᠣᠬᠢ ᠪᠠᠶᠢᠳᠠᠯ ᠢ ᠳᠡᠯᠭᠡᠨ ᠦᠵᠡᠭᠦᠯᠵᠦ᠂ ᠵᠠᠰᠠᠭ ᠤᠨ ᠣᠷᠳᠣᠨ ᠤ ᠠᠵᠢᠯᠲᠠᠨ ᠵᠢᠴᠢ ᠣᠯᠠᠨ ᠲᠦᠮᠡᠨ ᠳᠤ ᠤᠰᠤ ᠠᠷᠪᠢᠯᠠᠵᠤ ᠤᠰᠤ ᠡᠵᠡᠮᠳᠡᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠣᠶᠢᠯᠠᠭᠠᠭᠤᠯᠪᠠ᠃ ᠡᠬᠦᠨ ᠠᠴᠠ ᠭᠠᠳᠠᠨ᠎ᠠ᠂ ᠡᠯ᠎ᠡ ᠲᠣᠰᠬᠤᠨ ᠲᠤᠮᠤ ᠪᠦᠷᠢᠶ᠎ᠡ ᠪᠠᠨ ᠠᠰᠢᠭᠯᠠᠨ ᠤᠰᠤ ᠠᠷᠪᠢᠯᠠᠬᠤ ᠰᠠᠨᠠᠭᠤᠯᠭ᠎ᠠ ᠶᠢ ᠴᠠᠭ ᠲᠣᠭᠲᠠᠭᠠᠨ ᠨᠡᠪᠲᠡᠷᠡᠭᠦᠯᠵᠦ᠂ ᠲᠣᠰᠬᠤᠨ ᠤ ᠠᠷᠠᠳ ᠤᠨ ᠤᠰᠤ ᠠᠷᠪᠢᠯᠠᠵᠤ ᠤᠰᠤ ᠬᠡᠷᠡᠭᠯᠡᠬᠦ ᠶᠢ ᠮᠡᠳᠡᠬᠦ ᠨᠤᠷᠮ᠎ᠠ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ ᠢᠨᠲ᠋ᠧᠷ ᠰᠦᠯᠵᠢᠶᠡᠨ ᠤ ᠲᠠᠪᠴᠠᠩ ᠢ ᠠᠰᠢᠭᠯᠠᠵᠤ᠂ ᠡᠯ᠎ᠡ ᠲᠣᠰᠬᠤᠨ ᠤ  ᠵᠢᠷᠬᠢᠶ᠎ᠡ ᠶᠢᠨ ᠪᠦᠯᠦᠭᠯᠡᠯ᠂ ︽ᠰᠢ ᠰᠢᠶᠤᠤ ᠵᠤᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︾ ᠤ ᠤᠯᠠᠨ ᠨᠡᠶᠢᠲᠡ ᠶᠢᠨ ᠳ᠋ᠤᠭᠠᠷ ᠢᠶᠠᠷ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠸᠢᠳᠢᠣ᠋᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠠᠭᠤᠯᠭ᠎ᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ  ᠲᠠᠮᠵᠢᠭᠤᠯᠪᠠ᠃     ᠰᠢ ᠰᠢᠶᠤᠤ ᠵᠤᠤ ᠪᠠᠯᠭᠠᠰᠤ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠦᠨ᠂ ᠥᠨᠳᠥᠷ ᠦᠷ᠎ᠡ ᠠᠰᠢᠭ ᠲᠠᠢ ᠲᠠᠷᠢᠶᠠᠯᠠᠩ ᠤᠨ ᠵᠢᠱᠢᠶ᠎ᠠ ᠦᠵᠡᠭᠦᠯᠬᠦ ᠲᠣᠭᠤᠷᠢᠭ ᠤᠨ ᠪᠦᠳᠦᠬᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠸᠠᠢ ᠮᠦ ᠲᠣᠰᠬᠤᠨ᠂ ᠬᠦᠩ ᠲᠢᠶᠠᠨ ᠲᠣᠰᠬᠤᠨ᠂ ᠲᠤ ᠴᠧᠩ ᠽᠢ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠦᠴᠦ ᠪᠠᠨ ᠲᠥᠪᠯᠡᠷᠡᠭᠦᠯᠪᠡ᠃ ᠣᠳᠣᠬᠠᠨ ᠳᠤ᠂ ᠬᠤᠸᠠᠢ ᠮᠦ ᠲᠣᠰᠬᠤᠨ  ᠳᠤ 1000 ᠮᠦ ᠲᠠᠷᠢᠶᠠᠨ ᠭᠠᠵᠠᠷ ᠤᠨ ᠳᠤᠰᠤᠯᠭᠠᠨ ᠤᠰᠤᠯᠠᠬᠤ ᠲᠥᠬᠦᠭᠡᠷᠦᠮᠵᠢ ᠶᠢ  ᠠᠬᠢᠭᠤᠯᠣᠨ᠂ ᠭᠦᠩ ᠲᠢᠶᠠᠨ ᠲᠣᠰᠬᠤᠨ᠂ ᠲᠤ ᠴᠧᠩ ᠽᠢ ᠲᠣᠰᠬᠤᠨ ᠳᠤ ᠲᠣᠰᠪᠣᠷᠢ 2000 ᠮᠦ᠂ 2600 ᠮᠦ ᠳᠤᠰᠤᠯᠭᠠᠨ ᠤᠰᠤᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠠᠳᠤᠨ ᠭᠤᠣᠯ ᠳᠠᠭᠠᠤ ᠶᠢᠨ ᠭᠤᠷᠪᠠᠨ ᠲᠣᠰᠬᠤᠨ ᠳᠤ ᠨᠡᠶᠢᠳᠡ 75000 ᠮᠦ ᠲᠠᠷᠢᠶᠠᠨ ᠭᠠᠵᠠᠷ ᠤᠨ ᠳᠤᠰᠤᠯᠭᠠᠨ ᠤᠰᠤᠯᠠᠬᠤ ᠲᠥᠬᠦᠭᠡᠷᠦᠮᠵᠢ ᠶᠢ ᠳᠡᠪᠢᠰᠪᠡ᠃    ᠲᠠᠷᠠᠭᠠᠴᠢ ᠶᠢᠨ ᠠᠯᠬᠤᠮ ᠳᠤ᠂ ᠰᠢ ᠰᠢᠶᠤᠤ ᠵᠣᠣ ᠪᠠᠯᠭᠠᠰᠤ ᠦᠷᠭᠦᠯᠵᠢᠯᠡᠨ ᠲᠠᠷᠢᠶᠠᠯᠠᠩ ᠤᠨ ᠤᠰᠤ ᠠᠷᠪᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠵᠢᠯ ᠤᠨ ᠳᠣᠲᠣᠷ᠎ᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠪᠠᠷ ᠲᠥᠯᠥᠪᠯᠡᠵᠦ᠂ ᠪᠠᠯᠭᠠᠰᠣᠨ ᠤ  ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ᠤᠰᠤᠨ ᠤ ᠡᠬᠢ ᠪᠠᠶᠠᠯᠢᠭ ᠢ ᠪᠦᠷᠢᠯᠭᠡᠨ  ᠰᠦᠢᠳᠭᠡᠬᠦ  ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠣᠳᠠᠭᠠᠨ ᠤ ᠤᠳᠠᠭ᠎ᠠ ᠶᠢᠨ ᠠᠵᠢᠯᠯᠠᠭ᠎ᠠ ᠪᠠᠷ  ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ  ᠲᠣᠭᠤᠰᠢᠯᠠᠭᠤᠯᠤᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠦᠬᠦ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠳᠤ ︽ᠤᠰᠤᠨ ᠤ ᠠᠮᠤᠷ ᠲᠦᠪᠰᠢᠨ︾ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ