| 4 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠳᠠᠬᠢ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠪᠠᠨ ᠲᠡᠭᠦᠰᠬᠡᠭᠡᠳ ᠪᠡᠭᠡᠵᠢᠩ ᠳᠤ ᠪᠤᠴᠠᠵᠤ ᠢᠷᠡᠪᠡ᠃ | ᠫᠨᠤᠮ ᠪᠧᠩ ᠠᠴᠠ ᠠᠶᠠᠷᠯᠠᠨ ᠰᠠᠯᠬᠤ ᠦᠶ᠎ᠡ ᠳᠤ᠂ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ | ᠬᠤᠩᠰᠧᠨ᠂ ᠳᠡᠭᠡᠳᠦ ᠵᠥᠪᠯᠡᠯ ᠤᠨ ᠨᠢᠭᠡᠳᠦᠭᠡᠷ ᠳᠡᠳ᠋ ᠲᠡᠷᠢᠭᠦᠯᠡᠭᠴᠢ ᠦ᠋ ᠪᠦᠸᠧ ᠯᠢᠶᠧ᠂ ᠤᠯᠤᠰ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ | ᠴᠢᠶᠠᠨᠶᠧ᠂ ᠭᠦᠸᠧᠰᠦ᠋ᠸᠧᠫᠠ᠂ ᠪᠦᠯᠠᠰᠦ᠋ᠸᠸᠺᠦ᠋ᠨ᠂ ᠬᠠᠨᠴᠦᠨᠨᠠᠷᠤ᠋᠂ ᠱᠣᠤᠰᠦ᠋ᠸᠸᠺᠠ᠂ ᠬᠤᠩᠮᠠᠨᠢ ᠵᠡᠷᠭᠡ ᠲᠠᠪᠤᠨ ᠳᠡᠳ᠋ ᠲᠡᠷᠢᠭᠦᠨ ᠰᠠᠶᠢᠳ᠂ ᠸᠠᠩ ᠵᠢᠶᠠ | ᠵᠢᠶᠦ᠋ᠨ ᠤ ᠬᠠᠭᠤᠷᠠᠢ ᠵᠠᠮ ᠤᠨ ᠴᠡᠷᠢᠭ ᠤᠨ ᠳᠡᠳ᠋ ᠺᠤᠮᠠᠨᠳᠠᠯᠠᠭᠴᠢ ᠬᠤᠩᠮᠠᠨᠧ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠨᠢᠰᠬᠡᠯ ᠤᠨ | ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ᠃ | ᠬᠤᠩᠰᠧᠨ ᠨᠢᠰᠬᠡᠯ ᠤᠨ ᠪᠠᠭᠤᠳᠠᠯ ᠳᠤ ᠲᠡᠷᠢᠭᠦᠯᠡᠭᠴᠢ ᠰᠢ ᠶᠢᠨ ᠫᠢᠩ ᠢ ᠦᠳᠡᠨ ᠮᠣᠷᠳᠠᠭᠤᠯᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠰᠢ | ᠶᠢᠨ ᠫᠢᠩ ᠬᠤᠩᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠰᠢ ᠶᠢᠨ ᠫᠢᠩ ᠦᠳᠡᠨ ᠮᠣᠷᠳᠠᠭᠤᠯᠵᠤ ᠪᠠᠶᠢᠭ᠎ᠠ | ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠪᠡ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ ᠺᠠᠮᠪᠤᠵᠠ ᠶᠢᠨ ᠬᠡᠳᠦᠨ ᠲᠦᠮᠡᠨ ᠠᠷᠠᠳ ᠤᠯᠠᠨ᠂ ᠺᠠᠮᠪᠤᠵᠠ ᠳᠤ ᠪᠠᠶᠢᠭ᠎ᠠ ᠳᠤᠮᠳᠠᠳᠤ ᠶᠢᠨ ᠪᠡᠯᠡᠲᠤ | ᠠᠵᠤ ᠠᠬᠤᠶᠢᠯᠠᠯ ᠤᠨ ᠠᠵᠢᠯᠲᠠᠨ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠪᠣᠯᠣᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠵᠠᠮ ᠤᠨ | ᠬᠤᠶᠠᠷ ᠲᠠᠯ᠎ᠠ ᠳᠤ ᠴᠤᠭᠯᠠᠷᠠᠵᠤ᠂ ᠳᠤᠮᠳᠠᠳᠤ ᠺᠠᠮᠪᠤᠵᠠ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠭᠠᠷ ᠲᠠᠭᠠᠨ ︽ᠳᠤᠮᠳᠠᠳᠤ | ᠺᠠᠮᠪᠤᠵᠠ ᠶᠢᠨ ᠨᠥᠬᠦᠷᠯᠡᠯ ᠥᠨᠢ ᠮᠥᠩᠬᠡ︾ ᠵᠡᠷᠭᠡ ᠤᠯᠠᠭᠠᠨ ᠬᠥᠨᠳᠡᠯᠡᠨ ᠪᠢᠴᠢᠭᠡᠰᠦ ᠪᠠᠷᠢᠵᠤ᠂ ᠰᠢ ᠶᠢᠨ ᠫᠢᠩ ᠤᠨ ᠺᠠᠮᠪᠤᠵᠠ ᠳᠠᠬᠢ ᠠᠶᠢᠯᠴᠢᠯᠠᠯᠲᠠ | ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠪᠡ᠃ | ᠲᠤᠰ ᠡᠳᠦᠷ ᠤᠨ ᠦᠳᠡ ᠶᠢᠨ ᠡᠮᠦᠨ᠎ᠡ᠂ ᠬᠤᠩᠰᠧᠨ ᠲᠡᠷᠢᠭᠦᠨ ᠰᠠᠶᠢᠳ ᠬᠤᠩᠮᠠᠨᠠᠢ ᠪᠣᠯᠣᠨ ᠬᠤᠩᠮᠠᠨᠢ᠂ ᠬᠤᠩᠮᠠᠨᠧ ᠲᠠᠢ ᠬᠠᠮᠲᠤ ᠰᠢ ᠶᠢᠨ ᠫᠢᠩ ᠤᠨ | ᠪᠠᠭᠤᠭᠰᠠᠨ ᠵᠣᠴᠢᠳ ᠤᠨ ᠪᠠᠭᠤᠳᠠᠯ ᠳᠤ ᠲᠤᠰᠬᠠᠶᠢᠯᠠᠨ ᠬᠦᠷᠴᠦ᠂ ᠰᠢ ᠶᠢᠨ ᠫᠢᠩ ᠲᠠᠢ ᠰᠠᠯᠬᠤ ᠶᠣᠰᠣ ᠭᠦᠢᠴᠡᠳᠬᠡᠪᠡ᠃ | ︵ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 18 ᠤ ᠴᠠᠭᠢᠯᠭᠠᠨ ᠮᠡᠳᠡᠭᠡ︶ | | | |