ᠰᠢ ᠶᠢᠨ ᠫᠢᠩ ᠮᠠᠯᠠᠶᠢᠰᠢᠶ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠠᠮᠵᠢᠯᠲᠠ ᠲᠠᠢ ᠲᠡᠭᠦᠰᠬᠡᠪᠡ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 17 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠲᠡᠭᠦᠰᠬᠡᠪᠡ᠃    ᠺᠤᠸᠠᠯᠠ ᠯᠦᠮᠫᠦ᠋ᠷ ᠠᠴᠠ ᠠᠶᠠᠷᠯᠠᠨ ᠰᠠᠯᠬᠤ ᠦᠶ᠎ᠡ ᠳᠤ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠮᠦᠬᠠᠨᠮᠦ᠋ᠳ᠋᠂ ᠪᠠᠷ᠎ᠠ ᠪᠤᠯᠬᠤ ᠶᠠᠮᠤᠨ ᠤ ᠰᠠᠶᠢᠳ᠂ ᠵᠠᠮ ᠬᠠᠷᠢᠯᠴᠠᠭᠠᠨ ᠤ ᠶᠠᠮᠤᠨ ᠤ ᠰᠠᠶᠢᠳ ᠯᠦ ᠵᠣᠣ ᠹᠦ᠋ ᠵᠡᠷᠭᠡ ᠳᠡᠭᠡᠳᠦ ᠳᠡᠰ ᠤᠨ ᠠᠯᠪᠠᠨ ᠲᠤᠰᠢᠶᠠᠯᠲᠠᠨ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠪᠠ᠃ ᠮᠠᠯᠠᠶᠢᠰᠢᠶ᠎ᠠ ᠶᠢᠨ ᠵᠠᠯᠠᠭᠤᠴᠤᠳ ᠳᠠᠭᠤᠯᠠᠨ ᠪᠥᠵᠢᠭᠯᠡᠵᠦ᠂ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠳᠤ ᠠᠵᠤ ᠠᠬᠤᠶᠢᠯᠠᠯ ᠤᠨ ᠬᠥᠮᠥᠰ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠪᠣᠯᠣᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠵᠠᠮ ᠤᠨ ᠬᠤᠶᠠᠷ ᠲᠠᠯ᠎ᠠ ᠳᠤ ᠴᠤᠭᠯᠠᠷᠠᠨ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠰᠢ ᠶᠢᠨ ᠫᠢᠩ ᠤᠨ ᠮᠠᠯᠠᠶᠢᠰᠢᠶ᠎ᠠ ᠳᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠪᠡ᠃    ︵ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ