ᠳᠠᠷᠠᠭ᠎ᠠ ᠰᠠᠷ᠎ᠠ ᠠᠴᠠ ᠡᠬᠢᠯᠡᠨ᠂ ᠭᠠᠷ ᠤᠲᠠᠰᠤᠨ ᠤ ᠡᠨᠡ ᠵᠠᠷᠤᠳᠠᠯ ᠪᠠᠭᠤᠷᠠᠨ᠎ᠠ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠂ 5 ᠰᠠᠷ᠎ᠠ ᠶᠢᠨ 1 ᠤ ᠡᠳᠦᠷ ᠠᠴᠠ ᠡᠬᠢᠯᠡᠨ ᠪᠥᠬᠦ ᠤᠯᠤᠰ ᠤᠨ ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠰᠦᠯᠵᠢᠶ᠎ᠡ ︵ᠪᠥᠬᠦ ᠤᠯᠤᠰ ᠤᠨ ᠬᠡᠪᠯᠡᠯ︶ ᠶᠢᠨ ᠪᠠᠷᠢᠮᠵᠢᠶᠠᠲᠤ ᠰᠦᠢᠳᠭᠡᠯ ᠢ ᠪᠠᠭᠤᠷᠠᠭᠤᠯᠤᠨ᠎ᠠ᠂ ᠪᠠᠭᠤᠷᠠᠭᠤᠯᠤᠭᠰᠠᠨ ᠤ ᠳᠠᠷᠠᠭᠠᠬᠢ ᠦᠨᠳᠦᠰᠦᠨ ᠴᠢᠳᠠᠮᠵᠢ ᠵᠢᠨ‌‍ᠰᠦ᠋ᠢᠳᠭᠡᠯ ᠢ 5 ᠲᠥᠭᠦᠷᠢᠭ / ᠰᠠᠷ᠎ᠠ ᠳᠤ ᠳᠣᠭᠢᠷᠠᠭᠤᠯᠤᠨ᠎ᠠ᠂ ᠡᠭᠦᠨ ᠳᠤ 1 ᠪᠦᠯᠦᠭᠯᠡᠯ ᠤᠨ ᠡᠵᠡᠨ ᠵᠢᠴᠢ 3 ᠳᠣᠲᠣᠷᠠᠬᠢ ᠪᠦᠷᠢᠯᠳᠦᠬᠦᠨ ᠢ ᠪᠠᠭᠲᠠᠭᠠᠨ᠎ᠠ᠂ ᠰᠠᠭᠤᠷᠢ ᠪᠦᠷᠢᠯᠳᠦᠬᠦᠨ ᠤ ᠲᠤᠭ᠎ᠠ ᠠᠴᠠ ᠬᠡᠲᠦᠷᠡᠭᠰᠡᠨ ᠤ ᠳᠠᠷᠠᠭ᠎ᠠ᠂ ᠮᠤᠵᠢ ᠶᠢᠨ ᠳᠣᠲᠣᠷᠠᠬᠢ ᠮᠤᠵᠢ ᠶᠢᠨ ᠭᠠᠳᠠᠨᠠᠬᠢ ᠪᠦᠷᠢᠯᠳᠦᠬᠦᠨ ᠢ ᠨᠢᠭᠡᠳᠬᠡᠭᠡᠳ ᠬᠥᠮᠦᠨ ᠪᠦᠷᠢ ᠳᠤ 1 ᠲᠥᠭᠦᠷᠢᠭ / ᠰᠠᠷ᠎ᠠ ᠶᠢᠨ ᠴᠢᠳᠠᠮᠵᠢ ᠶᠢᠨ ᠰᠦᠢᠳᠭᠡᠯ ᠪᠣᠯᠭᠠᠵᠤ᠂ ᠪᠦᠯᠦᠭ ᠪᠦᠷᠢ ᠳᠤ ᠬᠠᠮᠤᠭ ᠤᠨ ᠠᠷᠪᠢᠨ ᠳᠠᠭᠠᠨ 19 ᠬᠥᠮᠦᠨ ︵ᠪᠦᠯᠦᠭᠯᠡᠯ ᠤᠨ ᠡᠵᠡᠨ ᠢ ᠪᠠᠭᠲᠠᠭᠠᠨ᠎ᠠ︶ ᠲᠣᠬᠢᠷᠠᠭᠤᠯᠵᠤ᠂ ᠪᠦᠯᠦᠭᠯᠡᠯ ᠤᠨ ᠳᠣᠲᠣᠷᠠᠬᠢ ᠪᠦᠷᠢᠯᠳᠦᠬᠦᠨ ᠤ ᠪᠥᠬᠦ ᠤᠯᠤᠰ ᠤᠨ ᠬᠡᠪᠴᠢᠶᠡᠨ ᠳᠤ ᠲᠠᠭᠤ ᠳᠦᠷᠰᠦ ᠰᠢᠩᠭᠡᠭᠡᠯᠲᠡ ᠶᠢᠨ ᠳ᠋ᠢᠶᠠᠩᠬᠤᠸᠠ ᠶᠢ ᠬᠠᠷᠢᠯᠴᠠᠨ ᠤᠲᠠᠰᠤᠳᠠᠬᠤ ᠳᠤ ᠰᠦᠢᠳᠭᠡᠯ ᠬᠤᠷᠢᠶᠠᠬᠤ ᠥᠬᠡᠶ ︵ᠰᠢᠶᠠᠩᠭᠠᠩ ᠣᠣᠮᠧᠨ ᠲᠠᠶᠢᠸᠠᠨ ᠢ ᠪᠠᠭᠲᠠᠭᠠᠬᠤ ᠥᠬᠡᠶ︶ ᠪᠣᠯᠭᠠᠨ᠎ᠠ ᠭᠡᠵᠡᠶ᠃

微信图片_20250421152426.png

ᠢᠷᠡᠯᠲᠡ᠄ ᠰᠢᠨᠬᠤᠸᠠ ᠬᠤᠷᠢᠶ᠎ᠠ