4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠠᠨᠨᠢᠷ · ᠨᠦᠸᠸᠶᠠ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ | ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠣᠶᠢᠷ᠎ᠠ ᠶᠢᠨ | ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ | ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ | ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ ᠳᠤᠮᠳᠠᠳᠤ ᠡᠺᠦ᠋ᠸᠠᠳᠣᠷ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ | ᠪᠠᠶᠢᠭᠠᠳ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ | ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠲᠤᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠢᠩᠲ᠋ᠦ᠋ᠸᠧ ᠳᠤ | ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ︶ | |