4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠯᠢᠰ ·ᠺᠯᠤᠲ᠋ᠧᠯ · ᠤᠤᠯᠢᠵᠢ · ᠡᠸ᠋ᠨᠭᠦᠶᠢᠮᠠ ᠳᠤ ᠴᠠᠭᠢᠯᠭᠠᠨ ᠴᠢᠮᠡᠭᠡ | ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠭᠠᠪᠤᠨ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠭᠠᠪᠤᠨ ᠤᠯᠠᠮᠵᠢᠯᠠᠯᠲᠤ ᠨᠥᠭᠦᠷᠰᠡᠭ ᠬᠠᠷᠢᠴᠠᠭ᠎ᠠ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ | ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ | ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠪᠡ᠃ ᠪᠢ | ᠳᠤᠮᠳᠠᠳᠤ ᠭᠠᠪᠤᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠰᠢᠨ᠎ᠡ ᠪᠠᠷ ᠰᠣᠩᠭᠤᠭᠳᠠᠭᠰᠠᠨ | ᠶᠡᠷᠦᠩᠬᠡᠶᠢᠯᠡᠭᠴᠢ ᠡᠸ᠋ᠨᠭᠦᠶᠢᠮᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ︶ |