ᠣᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ︽ᠬᠤᠶᠠᠷ ᠴᠢᠬᠤᠯᠠ︾ ᠪᠥᠲᠥᠭᠡᠨ ᠪᠠᠶᠢᠭᠤᠯᠤᠯᠲᠠ ᠶᠢᠨ ᠬᠢᠨᠠᠨ ᠪᠤᠳᠤᠯᠲᠠ ᠶᠢ ᠰᠠᠶᠢᠲᠤᠷ ᠬᠢᠵᠣ ᠪᠠᠶᠢᠨ᠎ᠠ
ᠨᠡᠶᠢᠲᠡᠯᠡᠭᠰᠡᠨ ᠴᠠᠭ᠄
2025/4/23
    ᠤᠯᠤᠰ ᠤᠨ ᠴᠢᠬᠤᠯᠠ ᠶᠡᠭᠡ ᠢᠨᠵᠧᠨᠧᠷᠢᠩ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠰᠢᠢᠳᠪᠦᠷᠢᠲᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2025 ᠣᠨ ᠤ ᠬᠤᠰᠢᠭᠤᠨ ᠤ ᠱᠠᠲᠤᠨ ᠤ ᠲᠥᠰᠦᠪ ᠤᠨ ᠬᠡᠷᠡᠭᠵᠢᠭᠦᠯᠦᠯᠲᠡ ᠶᠢᠨ ᠬᠢᠨᠠᠨ ᠪᠤᠳᠤᠯᠲᠠ ᠳᠤ᠂ ︽ᠳᠥᠷᠪᠡᠨ ᠠᠯᠬᠤᠮ ᠤᠨ ᠠᠷᠭ᠎ᠠ︾ ᠶᠢ ᠪᠠᠷᠢᠮᠲᠠᠯᠠᠨ ︽ᠬᠤᠶᠠᠷ ᠴᠢᠬᠤᠯᠠ︾ ᠪᠥᠲᠥᠭᠡᠨ ᠪᠠᠶᠢᠭᠤᠯᠤᠯᠲᠠ ᠶᠢᠨ ᠬᠢᠨᠠᠨ ᠪᠤᠳᠤᠯᠲᠠ ᠶᠢ ᠰᠠᠶᠢᠲᠤᠷ ᠬᠢᠵᠦ᠂ ︽ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠠᠬᠢᠭᠤᠯᠬᠤ︾ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠢᠳᠡᠪᠬᠢᠲᠡᠶ  ᠠᠬᠢᠭᠤᠯᠵᠤ ᠪᠠᠶᠢᠨ᠎ᠠ᠃    ᠨᠢᠭᠡᠳᠦᠭᠡᠷ ᠠᠯᠬᠤᠮ ᠳᠤ ᠡᠬᠢ ᠡᠭᠦᠰᠦᠯ ᠠᠴᠠ ᠨᠢ ᠠᠳᠬᠤᠵᠤ᠂ ᠲᠥᠷᠥᠯ ᠵᠦᠢᠯ ᠤᠨ ᠮᠡᠳᠡᠭᠦᠯᠦᠯᠲᠡ ᠶᠢᠨ ᠪᠠᠶᠢᠳᠠᠯ ᠢ   ᠠᠩᠬᠠᠷᠴᠣ ᠪᠣᠢ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ︽ᠬᠤᠶᠠᠷ ᠴᠢᠬᠤᠯᠠ︾ ᠲᠥᠷᠥᠯ  ᠵᠦᠢᠯ ᠤᠨ ᠭᠤᠶᠤᠴᠢᠯᠠᠨ ᠮᠡᠳᠡᠭᠦᠯᠦᠭᠰᠡᠨ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ ᠡᠰᠡᠬᠦ᠂ ᠤᠯᠤᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠡᠰᠡᠬᠦ᠂ ᠭᠤᠶᠤᠴᠢᠯᠠᠨ ᠮᠡᠳᠡᠭᠦᠯᠦᠭᠰᠡᠨ ᠠᠭᠤᠯᠭ᠎ᠠ ᠨᠢ ᠳᠡᠮᠵᠢᠬᠦ ᠴᠢᠭᠯᠡᠯ ᠳᠤ ᠨᠡᠶᠢᠴᠡᠬᠦ ᠡᠰᠡᠬᠦ ᠶᠢ ᠠᠩᠬᠠᠷᠣᠨ᠎ᠠ᠃ ᠬᠤᠶᠠᠳᠤᠭᠠᠷ ᠠᠯᠬᠤᠮ ᠳᠤ ᠪᠠᠯᠠ ᠮᠥᠩᠭᠦ ᠶᠢ ᠮᠥᠷᠳᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢ ᠰᠢᠯᠵᠢᠭᠦᠯᠦᠨ ᠥᠭᠭᠦᠭᠰᠡᠨ ᠵᠢᠴᠢ ᠬᠡᠷᠡᠭᠯᠡᠭᠰᠡᠨ ᠪᠠᠶᠢᠳᠠᠯ ᠢ ᠠᠩᠬᠠᠷᠤᠨ᠎ᠠ᠃ ︽ᠬᠤᠶᠠᠷ ᠴᠢᠬᠤᠯᠠ︾ ᠲᠥᠷᠥᠯ  ᠵᠦᠢᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠴᠦ ᠪᠣᠳᠠᠲᠠᠶᠢᠵᠢᠭᠤᠯᠤᠭᠰᠠᠨ ᠡᠰᠡᠬᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠭᠰᠡᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠬᠢᠭᠡᠳ ᠪᠠᠯᠠ ᠮᠥᠩᠭᠦ ᠰᠢᠯᠵᠢᠭᠦᠯᠦᠨ ᠥᠭᠬᠦ ᠠᠬᠢᠴᠠ ᠨᠢᠭᠡᠳᠦᠯ ᠥᠬᠡᠶ ᠪᠠᠶᠢᠬᠤ ᠪᠠᠶᠢᠳᠠᠯ ᠣᠷᠣᠰᠢᠵᠤ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠨ᠎ᠠ︔ ᠪᠡᠯᠡ ᠮᠥᠩᠭᠦ ᠶᠢᠨ ᠬᠡᠷᠡᠭᠯᠡᠯᠲᠡ ᠨᠢ ᠲᠥᠰᠦᠪ ᠪᠠ ᠭᠡᠷ᠎ᠡ ᠶᠢᠨ ᠪᠣᠯᠵᠣᠯ ᠳᠤ ᠨᠡᠶᠢᠴᠡᠬᠦ ᠡᠰᠡᠬᠦ᠂ ᠪᠡᠯᠡ ᠮᠥᠩᠭᠦ ᠶᠢ ᠬᠡᠪᠴᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ᠂ ᠮᠡᠬᠡᠯᠡᠨ ᠠᠪᠤᠭᠰᠠᠨ ᠵᠡᠷᠭᠡ ᠪᠠᠶᠢᠳᠠᠯ ᠪᠠᠶᠢᠬᠤ ᠡᠰᠡᠬᠦ︔ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠶ᠋ᠯ ᠳᠤ ᠬᠡᠷᠡᠭᠯᠡᠵᠦ᠂ ᠲᠠᠩᠰᠠ ᠪᠠ ᠪᠣᠳᠠᠲᠠᠶ ᠶᠢ ᠬᠠᠷᠢᠯᠴᠠᠨ ᠨᠡᠶᠢᠴᠡᠭᠦᠯᠬᠦ ᠶᠢ ᠪᠡᠶᠡᠯᠡᠭᠦᠯᠦᠭᠰᠡᠨ ᠡᠰᠡᠬᠦ᠃ ᠭᠤᠷᠪᠠᠳᠤᠭᠠᠷ ᠠᠯᠬᠤᠮ ᠳᠤ ᠶᠠᠪᠤᠴᠠ ᠠᠴᠠ ᠬᠠᠮᠢᠶᠠᠷᠤᠨ ᠡᠵᠡᠮᠳᠡᠵᠦ᠂ ᠲᠥᠷᠥᠯ  ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ  ᠠᠩᠬᠠᠷᠣᠨ᠎ᠠ᠃ ᠭᠤᠣᠯᠳᠠᠯᠭ᠎ᠠ ᠲᠠᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠨᠢ ᠢᠯᠡ ᠲᠣᠳᠣ ᠪᠠᠶᠢᠬᠤ ᠡᠰᠡᠬᠦ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ   ᠤᠨ ᠭᠠᠷᠳᠠᠮ ᠨᠢ ᠪᠦᠷᠢᠨ ᠭᠦᠢᠴᠡᠳ ᠪᠠᠶᠢᠬᠤ ᠡᠰᠡᠬᠦ᠂ ᠲᠥᠷᠥᠯ ᠵᠦᠢᠯ ᠤᠨ ᠪᠣᠳᠠᠲᠠᠶ ᠠᠬᠢᠴᠠ ᠨᠢ ᠲᠥᠯᠥᠪᠯᠡᠭᠡ ᠶᠢᠨ ᠠᠬᠢᠴᠠ ᠲᠠᠢ ᠨᠡᠶᠢᠴᠡᠵᠦ ᠪᠠᠶᠢᠬᠤ ᠡᠰᠡᠬᠦ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠠᠭᠤᠯᠭ᠎ᠠ ᠨᠢ ᠵᠢᠷᠤᠭ ᠲᠥᠯᠥᠪᠯᠡᠭᠡ ᠶᠢᠨ ᠲᠥᠰᠦᠯ  ᠲᠠᠢ ᠨᠢᠭᠡᠳᠦᠯᠲᠡᠶ ᠪᠠᠶᠢᠬᠤ ᠡᠰᠡᠬᠦ᠃ ᠳᠥᠷᠪᠡᠳᠦᠭᠡᠷ ᠠᠯᠬᠤᠮ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠠᠴᠠ ᠲᠥᠷᠥᠯ  ᠵᠦᠢᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠦᠨᠡᠯᠡᠨ ᠵᠢᠱᠢᠨ᠎ᠡ᠃ ᠵᠦᠢᠯᠡᠰ ᠲᠤ ᠵᠢᠱᠢᠭᠰᠡᠨ ᠠᠵᠤ ᠠᠬᠤᠶ ᠶᠢᠨ ᠦᠷ᠎ᠡ ᠠᠰᠢᠭ ᠢ ᠪᠡᠶᠡᠯᠡᠭᠦᠯᠦᠭᠰᠡᠨ ᠡᠰᠡᠬᠦ᠂ ᠪᠡᠯᠡ ᠣᠷᠣᠭᠤᠯᠤᠯᠲᠠ ᠶᠢᠨ ᠬᠠᠷᠢᠭᠤᠯᠲᠠ ᠶᠢᠨ ᠨᠤᠷᠮ᠎ᠠ ᠳᠣᠣᠷ᠎ᠠ ᠪᠤᠶᠤ ᠪᠡᠯᠡ ᠮᠥᠩᠭᠦ ᠶᠢ ᠪᠦᠷᠢᠯᠭᠡᠨ ᠰᠦᠢᠳᠬᠡᠬᠦ ᠦᠵᠡᠭᠳᠡᠯ ᠣᠷᠣᠰᠢᠵᠤ ᠪᠠᠶᠢᠬᠤ ᠡᠰᠡᠬᠦ︔ ᠪᠠᠶᠢᠪᠠᠰᠤ ᠵᠣᠬᠢᠬᠤ ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠵᠤ᠂ ᠤᠯᠠᠨ ᠲᠦᠮᠡᠨ ᠤ ᠵᠥᠷᠢᠴᠡᠯ ᠢ ᠠᠷᠢᠯᠭᠠᠬᠤ ᠵᠢᠴᠢ ᠬᠦᠴᠢᠷ ᠠᠰᠠᠭᠤᠳᠠᠯ ᠢ ᠰᠢᠶ᠋ᠳᠪᠦᠷᠢᠯᠡᠭᠰᠡᠨ ᠡᠰᠡᠬᠦ︔ ᠪᠣᠬᠢᠷᠲᠤᠯ ᠦᠭᠡᠢ ᠠᠮᠢ ᠠᠬᠤᠢ ᠶᠢᠨ ᠦᠷ᠎ᠡ ᠠᠰᠢᠭ ᠲᠤ ᠨᠡᠶᠢᠴᠡᠬᠦ ᠡᠰᠡᠬᠦ᠂ ᠣᠷᠴᠢᠨ ᠲᠣᠭᠤᠷᠢᠨ ᠢ ᠪᠣᠬᠢᠷᠲᠤᠭᠤᠯᠬᠤ ᠪᠤᠶᠤ ᠡᠬᠢ ᠪᠠᠶᠠᠯᠢᠭ ᠢ ᠪᠦᠷᠢᠯᠭᠡᠬᠦ ᠦᠵᠡᠭᠳᠡᠯ ᠣᠷᠣᠰᠢᠵᠤ ᠪᠠᠶᠢᠬᠤ ᠡᠰᠡᠬᠦ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ