ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ | ᠲᠥᠯᠥᠭᠡ᠂ ᠣᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠣᠶᠢᠷ᠎ᠠ ᠶᠢᠨ ᠡᠳᠦᠷ᠂ ᠪᠠᠶᠠᠨᠬᠤᠸᠠ ᠪᠠᠯᠭᠠᠰᠤᠨ ᠤ | ᠣᠷᠲᠣᠭᠤᠣᠯ ᠭᠠᠴᠠᠭ᠎ᠠ᠂ ᠡᠷᠳᠡᠨᠢᠪᠤᠯᠠᠭ ᠰᠤᠮᠤ ᠶᠢᠨ ᠠᠷᠴᠠ ᠭᠠᠴᠠᠭ᠎ᠠ᠂ ᠮᠤᠨᠠ ᠠᠭᠤᠯᠠ ᠪᠠᠯᠭᠠᠰᠤᠨ ᠤ ᠰᠠᠨ ᠬᠣ᠋ ᠲᠣᠰᠬᠤᠨ ᠳᠤ ᠬᠦᠷᠴᠦ ᠡᠶ᠎ᠡ | ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ | ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠨᠢ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠢ ᠡᠵᠡᠮᠰᠢᠨ᠂ ᠠᠰᠠᠭᠤᠳᠠᠯ ᠢ ᠠᠭᠤᠳᠠᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ | ᠰᠠᠨᠠᠭᠤᠯᠭ᠎ᠠ ᠳᠤᠷᠠᠳᠴᠤ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠣᠯᠠᠮ ᠨᠢᠭᠡ ᠠᠯᠬᠤᠮ | ᠠᠬᠢᠭᠤᠯᠬᠤ ᠶᠢᠨ ᠲᠦᠯᠦᠭᠡ ᠶᠣᠮ᠃ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠷᠢᠭᠤᠴᠠᠯᠭᠠᠲᠠᠨ ᠠᠴᠠ ᠴᠢᠬᠤᠯᠠᠴᠢᠯᠠᠭᠰᠠᠨ ᠨᠢ᠂ ᠡᠶ᠎ᠡ ᠵᠣᠬᠢᠴᠠᠯ ᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠶ᠂ ᠣᠯᠠᠨ | ᠲᠦᠮᠡᠨ ᠣᠷᠣᠯᠴᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠬᠦᠯᠦᠨ᠂ | ᠠᠯᠤᠰ ᠬᠡᠲᠦ ᠶᠢᠨ ᠲᠥᠯᠥᠪᠵᠢᠭᠦᠯᠭᠡ ᠶᠢ ᠪᠠᠷᠢᠮᠲᠠᠯᠠᠵᠦ᠂ ᠡᠮᠬᠢ ᠵᠢᠷᠤᠮ ᠲᠠᠢ ᠪᠠᠷ ᠠᠬᠢᠭᠤᠯᠤᠨ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠰᠣᠶᠣᠯ ᠤᠨ ᠦᠨ᠎ᠡ ᠥᠷᠲᠡᠭ᠂ ᠠᠵᠤ ᠠᠬᠤᠶ ᠶᠢᠨ ᠦᠨ᠎ᠡ ᠥᠷᠲᠡᠭ᠂ ᠨᠡᠶᠢᠭᠡᠮ ᠤᠨ ᠦᠨ᠎ᠡ ᠥᠷᠲᠡᠭ ᠢ ᠭᠦᠨᠵᠡᠭᠡᠶ ᠠᠭᠤᠳᠠᠯᠤᠨ | ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠠᠵᠢᠭᠤᠯᠤᠨ ᠬᠦᠭᠵᠢᠬᠦᠯᠵᠦ᠂ ᠦᠨᠳᠣᠰᠣᠲᠡᠨ ᠣᠯᠠᠨ ᠢ ᠪᠦᠯᠬᠦᠮᠳᠡᠭᠦᠯᠦᠨ | ᠠᠭᠤᠰᠣᠯᠴᠠᠭᠤᠯᠬᠤ ᠭᠡᠷᠡᠭᠲᠡᠢ ᠬᠡᠰᠡᠨ ᠪᠠᠶᠢᠨ᠎ᠠ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠳᠤ ᠬᠦᠴᠦᠲᠡᠶ ᠲᠤᠭ᠎ᠠ ᠪᠠᠷᠢᠮᠲᠠ ᠶᠢᠨ ᠳᠡᠮᠵᠢᠯᠭᠡ ᠪᠠ ᠰᠢᠢᠳᠪᠦᠷᠢᠲᠣ ᠪᠣᠳᠣᠯᠭ᠎ᠠ ᠶᠢᠨ ᠯᠠᠪᠯᠠᠯᠲᠠ ᠬᠠᠩᠭᠠᠪᠠ᠃ ᠡᠬᠦᠨ ᠠᠴᠠ ᠬᠤᠶᠢᠰᠢᠳᠠ | ᠂ ᠲᠣᠰ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠪᠠᠶᠢᠴᠠᠭᠠᠨ | ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠨ ᠦᠨᠡᠨ ᠬᠦ ᠪᠣᠯᠤᠮᠵᠢᠲᠠᠶ ᠠᠷᠭ᠎ᠠ ᠬᠡᠮᠵᠢᠶ᠎ᠡ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠢᠯᠡᠰ | ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ | ᠠᠮᠢᠳᠤᠷᠠᠯ ᠪᠠᠶᠠᠨ ᠴᠢᠨᠡᠭᠡᠯᠢᠭ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ ᠡᠯ᠎ᠡ ᠦᠨᠳᠦᠰᠦᠲᠡᠨ ᠤ ᠣᠯᠠᠨ | ᠲᠦᠮᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠠᠩ ᠣᠯᠠᠨ ᠬᠦᠷᠲᠡᠭᠡᠯ ᠤᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ | ᠪᠣᠯᠭᠠᠬᠤ ᠪᠠᠷ ᠪᠠᠶᠢᠨ᠎ᠠ᠃ | |