ᠲᠡᠳᠡ ᠬᠤᠪᠢᠯᠭᠠᠨ ᠣᠩᠭᠤᠴᠠ ᠬᠤᠷᠢᠳᠣᠭᠠᠷ ᠤᠨ ᠰᠠᠨᠰᠠᠷᠴᠢᠳ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/4/23

微信图片_20250423154711.jpg

ᠴᠧᠨ ᠳ᠋ᠦᠩ ᠨᠥᠬᠦᠷ ᠤᠨ ᠲᠣᠪᠴᠢ ᠨᠠᠮᠲᠠᠷ

      ᠴᠧᠨ ᠳ᠋ᠦᠩ᠂ ᠡᠷᠡᠭᠲᠡᠶ᠂ ᠬᠢᠲᠠᠳ ᠦᠨᠳᠦᠰᠦᠲᠡᠨ᠂ ᠾᠧᠨᠠᠨ ᠤ ᠬᠥᠮᠦᠨ᠂ ᠮᠠᠰᠲ᠋ᠧᠷ ᠴᠣᠯᠠ ᠲᠠᠢ᠃ 1978 ᠣᠨ ᠤ 12 ᠰᠠᠷ᠎ᠠ ᠳᠤ

ᠲᠦᠷᠦᠵᠡᠢ᠂ 1997 ᠣᠨ ᠤ 8 ᠰᠠᠷ᠎ᠠ ᠳᠤ ᠴᠡᠷᠢᠭ ᠳᠤ ᠡᠯᠰᠡᠭᠳᠡᠨ᠂ 1999 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ

ᠣᠷᠣᠪᠠ ᠂ ᠤᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠠᠨᠰᠠᠷᠴᠢᠨ ᠤ ᠶᠡᠭᠡ ᠠᠩᠭᠢ ᠶᠢᠨ ᠳᠠᠷᠤᠭ᠎ᠠ᠂ ᠣᠨᠴᠠ ᠳᠡᠰ ᠤᠨ

ᠰᠠᠨᠰᠠᠷᠴᠢᠨ᠂ ᠬᠠᠭᠤᠷᠠᠢ ᠵᠠᠮ ᠤᠨ ᠴᠡᠷᠢᠭ ᠤᠨ ᠠᠬᠠᠯᠠᠬᠤ ᠬᠤᠷᠠᠩᠳᠠ ᠶᠢᠨ ᠴᠡᠷᠢᠭ ᠤᠨ ᠴᠣᠯᠠ ᠲᠠᠢ᠃ ᠠᠭᠠᠷ ᠤᠨ ᠴᠡᠷᠢᠭ ᠤᠨ ᠨᠢᠭᠡᠨ ᠳ᠋ᠢᠸᠢᠽᠢ ᠶᠢᠨ

ᠨᠢᠭᠡᠨ ᠬᠤᠷᠢᠶ᠎ᠠ ᠶᠢᠨ ᠨᠢᠰᠦᠯᠲᠡ ᠶᠢᠨ ᠶᠡᠭᠡ ᠠᠩᠬᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ  ᠪᠠᠶᠢᠬᠤ ᠳᠤ ᠪᠠᠨ  ᠠᠭᠠᠷ ᠤᠨ ᠴᠡᠷᠢᠭ ᠤᠨ

ᠨᠢᠭᠡᠳᠦᠭᠡᠷ ᠳᠡᠰ ᠤᠨ ᠨᠢᠰᠬᠡᠭᠴᠢ ᠪᠠᠷ ᠦᠨᠡᠯᠡᠭᠳᠡᠪᠡ᠃ 2010 ᠣᠨ ᠤ 5 ᠰᠠᠷ᠎ᠠ ᠳᠤ ᠮᠠᠨ ᠤ ᠤᠯᠤᠰ ᠤᠨ ᠬᠤᠶᠠᠳᠤᠭᠠᠷ ᠪᠦᠯᠦᠭ ᠤᠨ

ᠰᠠᠨᠰᠠᠷᠴᠢᠨ ᠢᠶᠠᠷ ᠰᠣᠩᠭᠤᠭᠳᠠᠪᠠ᠃ 2016 ᠣᠨ ᠤ 10 ᠰᠠᠷ᠎ᠠ ᠳᠤ ᠬᠤᠪᠢᠯᠭᠠᠨ ᠣᠩᠭᠤᠴᠠ ᠠᠷᠪᠠᠨ ᠨᠢᠭᠡᠳᠦᠭᠡᠷ ᠬᠥᠮᠦᠨ ᠰᠠᠭᠤᠯᠭᠠᠭᠰᠠᠨ

ᠨᠢᠰᠦᠯᠲᠡ ᠶᠢᠨ ᠡᠭᠦᠷᠭᠡ ᠶᠢ ᠭᠦᠢᠴᠡᠳᠬᠡᠵᠦ᠂ ᠲᠤᠰ ᠵᠢᠯ ᠤᠨ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂

ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ

ᠣᠯᠭᠤᠭᠰᠠᠨ ᠪᠥᠭᠡᠳ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶ᠎ᠠ ᠵᠢᠳᠬᠦᠯ ᠤᠨ ᠱᠠᠩᠨᠠᠯ︾ ᠬᠦᠷᠲᠡᠪᠡ᠃ 2022 ᠣᠨ ᠤ 6

ᠰᠠᠷ᠎ᠠ ᠳᠤ᠂ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠬᠥᠮᠦᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ᠂ 2023 ᠣᠨ ᠤ

3 ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ︽

ᠬᠤᠶᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶ᠎ᠠ ᠵᠢᠳᠬᠦᠯ ᠤᠨ ᠱᠠᠩᠨᠠᠯ︾ ᠢ ᠣᠯᠭᠤᠪᠠ᠃ ᠪᠦᠬᠦ ᠲᠠᠯ᠎ᠠ ᠶᠢᠨ ᠬᠢᠨᠠᠨ ᠰᠢᠯᠭᠠᠷᠠᠭᠤᠯᠤᠯᠲᠠ ᠪᠠᠷ

ᠳᠠᠮᠵᠢᠭᠠᠳ᠂ ᠬᠤᠪᠢᠯᠭᠠᠨ ᠣᠩᠭᠤᠴᠠ ᠬᠤᠷᠢᠳᠤᠭᠠᠷ ᠬᠥᠮᠦᠨ ᠰᠠᠭᠤᠯᠭᠠᠭᠰᠠᠨ ᠨᠢᠰᠦᠯᠲᠡ ᠶᠢᠨ ᠲᠣᠭᠤᠶᠢᠯᠠᠩ ᠤᠨ ᠡᠬᠦᠷᠭᠡ ᠶᠢ ᠬᠦᠢᠴᠡᠳᠭᠡᠭᠦ ᠪᠣᠯᠣᠨ᠎ᠠ᠃

微信图片_20250423154722.jpg

   

ᠴᠧᠨ ᠵᠦᠩ ᠷᠦᠢ ᠨᠥᠬᠦᠷ ᠤᠨ ᠲᠣᠪᠴᠢ ᠨᠠᠮᠲᠠᠷ

   ᠴᠧᠨ ᠵᠦᠩ ᠷᠦᠢ᠂ ᠡᠷᠡᠭᠳᠡᠢ᠂ ᠬᠢᠳᠡᠳ ᠦᠨᠳᠦᠰᠦᠳᠡᠨ᠂ ᠾᠧᠨᠠᠨ ᠮᠤᠵᠢ ᠶᠢᠨ ᠬᠤᠸᠠ ᠰᠢᠶᠠᠨ ᠤ ᠬᠦᠮᠦᠨ᠃ 1984 ᠣᠨ ᠤ 10 ᠰᠠᠷ᠎ᠠ ᠳᠤ

ᠳᠦᠷᠦᠵᠡᠶ᠂ 2003 ᠣᠨ ᠤ 9 ᠰᠠᠷ᠎ᠠ ᠳᠤ ᠴᠡᠷᠢᠭ ᠳᠤ ᠡᠯᠰᠡᠭᠳᠡᠨ᠂ 2005 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ

ᠣᠷᠣᠪᠠ᠂ ᠣᠲᠣ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠠᠨᠰᠠᠷᠴᠢᠨ ᠤ ᠶᠡᠭᠡ ᠠᠩᠭᠢ ᠶᠢᠨ ᠳᠡᠳ᠋ ᠳᠠᠷᠤᠭ᠎ᠠ ᠶᠢ ᠡᠬᠦᠷᠭᠡᠯᠡᠨ᠂

ᠳᠥᠷᠪᠡᠳᠦᠭᠡᠷ ᠳᠡᠰ ᠤᠨ ᠰᠠᠨᠰᠠᠷᠴᠢᠨ᠂ ᠠᠭᠠᠷ ᠤᠨ ᠴᠡᠷᠢᠭ ᠤᠨ ᠬᠤᠷᠠᠩᠳᠠ ᠴᠣᠯᠠ ᠲᠠᠢ᠃ ᠣᠣᠯ ᠨᠢ ᠠᠭᠠᠷ ᠤᠨ ᠴᠡᠷᠢᠭ ᠤᠨ ᠨᠢᠭᠡᠨ ᠵᠢᠭᠤᠯᠴᠢᠯᠠᠯ ᠤᠨ

ᠶᠡᠭᠡ ᠠᠩᠭᠢ ᠶᠢᠨ ᠨᠢᠰᠭᠡᠭᠴᠢ ᠠᠭᠠᠷ ᠤᠨ ᠴᠡᠷᠢᠭ ᠤᠨ ᠨᠢᠭᠡᠳᠦᠭᠡᠷ ᠳᠡᠰ ᠤᠨ ᠨᠢᠰᠭᠡᠭᠴᠢ ᠪᠠᠷ ᠦᠨᠡᠯᠡᠭᠳᠡᠵᠦ ᠦᠩᠭᠡᠷᠡᠪᠡ᠃ 2020 ᠣᠨ ᠤ 9

ᠰᠠᠷ᠎ᠠ ᠳᠤ ᠮᠠᠨ ᠤ ᠤᠯᠤᠰ ᠤᠨ ᠭᠤᠷᠪᠠᠳᠤᠭᠠᠷ ᠪᠦᠯᠦᠭ ᠤᠨ ᠰᠠᠨᠰᠠᠷᠴᠢᠨ ᠪᠠᠷ ᠰᠣᠩᠭᠤᠭᠳᠠᠪᠠ᠃ ᠪᠦᠬᠦ ᠲᠠᠯ᠎ᠠ ᠶᠢᠨ ᠬᠢᠨᠠᠨ ᠰᠢᠯᠭᠠᠷᠠᠭᠤᠯᠤᠯᠲᠠ ᠪᠠᠷ

ᠳᠠᠮᠵᠢᠭᠠᠳ᠂ ᠬᠤᠪᠢᠯᠭᠠᠨ ᠣᠩᠭᠤᠴᠠ ᠬᠤᠷᠢᠳᠤᠭᠠᠷ ᠬᠥᠮᠦᠨ ᠰᠠᠭᠤᠯᠭᠠᠭᠰᠠᠨ ᠨᠢᠰᠦᠯᠲᠡ ᠶᠢᠨ ᠲᠣᠭᠤᠶᠢᠯᠠᠩ ᠤᠨ ᠡᠬᠦᠷᠭᠡ ᠶᠢ ᠬᠦᠢᠴᠡᠳᠭᠡᠭᠦ ᠪᠣᠯᠣᠨ᠎ᠠ᠃

微信图片_20250423154729.jpg

    

    

 ᠸᠠᠩ ᠵᠢᠶᠧ ᠨᠥᠬᠦᠷ ᠤᠨ ᠲᠣᠪᠴᠢ ᠨᠠᠮᠲᠠᠷ

    ᠸᠠᠩ ᠵᠢᠶᠧ᠂ ᠡᠷᠡᠭᠲᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠬᠦᠮᠦᠨ᠂ ᠳ᠋ᠣᠺᠲ᠋ᠣᠷ ᠤᠨ ᠴᠣᠯᠠ ᠲᠠᠢ᠃

1989 ᠣᠨ ᠤ 9 ᠰᠠᠷ᠎ᠠ ᠳᠤ ᠲᠦᠷᠦᠵᠡᠢ᠂ 2021 ᠣᠨ ᠤ 1 ᠰᠠᠷ᠎ᠠ ᠳᠤ ᠴᠡᠷᠢᠭ  ᠳᠤ   ᠡᠯᠰᠡᠭᠳᠡᠨ᠂ 2009 ᠣᠨ ᠤ 6 ᠰᠠᠷ᠎ᠠ ᠳᠤ ᠳᠤᠮᠳᠠᠳᠤ

ᠤᠯᠤᠰ ᠤᠨ ᠡᠪ ᠬᠠᠮᠲᠤ ᠨᠠᠮ ᠳᠤ ᠣᠷᠣᠪᠠ᠂ ᠤᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠠᠨᠰᠠᠷᠴᠢᠨ ᠤ ᠶᠡᠭᠡ ᠠᠩᠭᠢ ᠶᠢᠨ

ᠳᠥᠷᠪᠡᠳᠦᠭᠡᠷ ᠳᠡᠰ ᠤᠨ ᠰᠠᠨᠰᠠᠷᠴᠢᠨ᠂ ᠬᠠᠭᠤᠷᠠᠢ ᠵᠠᠮ ᠤᠨ ᠴᠡᠷᠢᠭ ᠤᠨ ᠬᠤᠷᠠᠩᠳᠠ ᠶᠢᠨ ᠴᠡᠷᠢᠭ ᠤᠨ ᠴᠣᠯᠠ ᠪᠣᠯᠪᠠ᠃ ᠳᠤᠮᠳᠠᠳᠤ ᠤᠯᠤᠰ ᠤᠨ

ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠢᠨᠵᠧᠨᠧᠷ ᠪᠣᠯᠵᠤ ᠥᠩᠭᠡᠷᠡᠵᠡᠢ᠃ 2020

ᠣᠨ ᠤ 9 ᠰᠠᠷ᠎ᠠ ᠳᠤ ᠮᠠᠨ ᠤ ᠤᠯᠤᠰ ᠤᠨ ᠭᠤᠷᠪᠠᠳᠤᠭᠠᠷ ᠪᠦᠯᠦᠭ ᠤᠨ ᠰᠠᠨᠰᠠᠷᠴᠢᠨ ᠪᠠᠷ ᠰᠣᠩᠭᠤᠭᠳᠠᠪᠠ᠃ ᠪᠦᠬᠦ ᠲᠠᠯ᠎ᠠ ᠶᠢᠨ ᠬᠢᠨᠠᠨ

ᠰᠢᠯᠭᠠᠷᠠᠭᠤᠯᠤᠯᠲᠠ ᠪᠠᠷ ᠳᠠᠮᠵᠢᠭᠠᠳ᠂ ᠪᠦᠬᠦ ᠲᠠᠯ᠎ᠠ ᠶᠢᠨ ᠬᠢᠨᠠᠨ ᠰᠢᠯᠭᠠᠷᠠᠭᠤᠯᠤᠯᠲᠠ ᠪᠠᠷ ᠳᠠᠮᠵᠢᠭᠠᠳ᠂ ᠬᠤᠪᠢᠯᠭᠠᠨ ᠣᠩᠭᠤᠴᠠ ᠬᠤᠷᠢᠳᠤᠭᠠᠷ ᠬᠥᠮᠦᠨ

ᠰᠠᠭᠤᠯᠭᠠᠭᠰᠠᠨ ᠨᠢᠰᠦᠯᠲᠡ ᠶᠢᠨ ᠲᠣᠭᠤᠶᠢᠯᠠᠩ ᠤᠨ ᠡᠬᠦᠷᠭᠡ ᠶᠢ ᠬᠦᠢᠴᠡᠳᠭᠡᠭᠦ ᠪᠣᠯᠣᠨ᠎ᠠ᠃

微信图片_20250423164119.jpg

   

   

               ᠢᠷᠠᠯᠲᠠ᠄ ᠰᠢᠨᠬᠤᠸᠠ ᠬᠤᠷᠢᠶ᠎ᠠ

   

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ