| ᠯᠢ ᠴᠢᠶᠠᠩ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ | ᠲᠠᠯᠪᠢᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠶᠠᠷ ᠢ ᠬᠦᠷᠢᠶᠡᠯᠡᠬᠦ ᠠᠵᠢᠯ ᠳᠤ ᠴᠢᠬᠤᠯᠠ ᠵᠢᠭᠠᠪᠤᠷᠢ ᠥᠭᠴᠦ᠂ | ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ | ᠮᠠᠨ ᠤ ᠤᠯᠤᠰ ᠤᠨ ᠠᠷᠠᠳ ᠲᠦᠮᠡᠨ ᠤ ᠰᠢᠯᠢᠳᠡᠭ ᠤᠯᠠᠮᠵᠢᠯᠠᠯ ᠪᠠ ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠥᠷᠥ ᠶᠢᠨ | ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠤᠯᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ | ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ | ᠰᠢᠢᠳᠪᠦᠷᠢᠯᠡᠨ ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠥᠨ ᠢ ᠬᠦᠨᠳᠦᠳᠬᠡᠬᠦ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠬᠤ ᠬᠡᠷᠡᠭᠲᠡᠢ᠃ ᠴᠡᠷᠢᠭ ᠠᠩᠭᠢ ᠵᠣᠷᠢᠯᠲᠠ ᠶᠢᠨ ᠤᠬᠠᠮᠰᠠᠷ ᠢᠶᠠᠨ | ᠪᠠᠲᠤ ᠪᠤᠢ ᠪᠤᠯᠭᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ | ᠲᠦᠮᠡᠨ ᠳᠤ ᠪᠤᠶᠠᠨ ᠦᠢᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ | ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ | ᠬᠠᠶᠢᠷᠠᠯᠠᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 ᠰᠠᠷ᠎ᠠ ᠶᠢᠨ 23 ᠤ ᠡᠳᠦᠷ ᠪᠡᠭᠡᠵᠢᠩ ᠳᠤ | ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ | ᠴᠢᠶᠠᠩ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠪᠠ | ᠴᠢᠬᠤᠯᠠ ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ ᠤᠳᠤᠷᠢᠳᠤᠭᠰᠠᠨ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠬᠠᠩᠭᠠᠪᠠ᠃ ᠪᠢᠳᠡ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ | ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠯᠢ ᠴᠢᠶᠠᠩ᠂ ᠣᠶᠢᠷ᠎ᠠ ᠶᠢᠨ ᠵᠢᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠬᠠᠮᠲᠤ ᠶᠢᠨ | ᠴᠢᠷᠮᠠᠶᠢᠯᠭ᠎ᠠ ᠪᠠᠷ᠂ ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ | ᠰᠢᠰᠲ᠋ᠧᠮ ᠨᠡᠩ ᠪᠦᠷᠢᠨᠰᠢᠵᠦ᠂ ᠨᠡᠶᠢᠭᠡᠮ ᠤᠨ ᠴᠡᠷᠢᠭ ᠢ ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠭᠦ | ᠴᠡᠷᠢᠭ ᠠᠩᠭᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠯᠢ | ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ | ᠢᠳᠡᠪᠬᠢᠲᠡᠢ ᠣᠷᠣᠯᠴᠠᠵᠤ᠂ ᠠᠶᠤᠯ ᠭᠠᠮᠰᠢᠭ ᠠᠴᠠ ᠠᠪᠤᠷᠠᠬᠤ᠂ ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ | ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠤᠶᠠᠷ ᠢ | ᠬᠦᠷᠢᠶᠡᠯᠡᠬᠦ ᠠᠵᠢᠯ ᠨᠢ ᠴᠡᠷᠢᠭ ᠠᠩᠭᠢ ᠪᠠ ᠣᠷᠣᠨ ᠨᠤᠲᠤᠭ ᠲᠠᠢ ᠬᠠᠷᠢᠯᠴᠠᠵᠤ᠂ ᠴᠡᠷᠢᠭ ᠠᠷᠠᠳ ᠢ ᠪᠦᠯᠬᠦᠮᠳᠡᠭᠦᠯᠵᠦ᠂ ᠰᠡᠳᠬᠢᠯ ᠢ ᠨᠢᠭᠡᠳᠬᠡᠨ ᠬᠦᠴᠦ ᠶᠢ | ᠬᠠᠮᠲᠤᠳᠬᠠᠬᠤ ᠴᠢᠬᠤᠯᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠢ ᠬᠤᠣᠰ ᠴᠢᠭᠯᠡᠯ ᠢᠶᠠᠷ ᠳᠡᠮᠵᠢᠬᠦ | ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠪᠡ᠃ | ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠣᠨ ᠪᠦᠭᠦ | ᠲᠠᠯ᠎ᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ ᠤᠨ | ᠬᠠᠮᠵᠢᠯᠴᠠᠭ᠎ᠠ ᠶᠢ ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠠᠯᠪᠠᠨ ᠳᠤ ᠪᠠᠶᠢᠭ᠎ᠠ ᠴᠡᠷᠢᠭ ᠪᠣᠯᠣᠨ ᠠᠯᠪᠠ ᠠᠴᠠ ᠬᠠᠯᠠᠭᠳᠠᠭᠰᠠᠨ ᠴᠡᠷᠢᠭ ᠤᠨ | ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ | ᠳᠡᠭᠡᠭᠰᠢᠯᠡᠭᠦᠯᠵᠦ᠂ ᠴᠡᠷᠢᠭ ᠬᠥᠮᠥᠨ ᠤ ᠬᠠᠯᠠᠮᠵᠢᠯᠠᠵᠤ ᠪᠠᠶᠢᠭ᠎ᠠ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ᠂ ᠭᠡᠷ ᠪᠦᠯᠢ ᠶᠢᠨ ᠬᠢᠨ ᠤ ᠠᠵᠢᠯ | ᠣᠯᠭᠤᠯᠲᠠ᠂ ᠡᠴᠢᠭᠡ ᠡᠬᠡ ᠶᠢᠨ ᠬᠢᠨᠢ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠴᠢᠩ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ | ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠰᠠᠷᠠᠮᠵᠢ ᠬᠠᠷᠠᠭᠠᠯᠵᠠᠯ ᠪᠠ ᠬᠦᠴᠢᠷᠳᠡᠯ ᠢ ᠨᠢ | ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠴᠡᠷᠢᠭ ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ | ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠣᠷᠣᠨ ᠨᠤᠲᠤᠭ ᠲᠤ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ ᠠᠮᠤᠭᠤᠯᠠᠩ ᠲᠣᠭᠲᠠᠭᠤᠨ ᠢ | ᠬᠠᠮᠠᠭᠠᠯᠠᠬᠤ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ | ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ | ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ | ᠨᠡᠶᠢᠭᠡᠮ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶ᠎ᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠲᠤᠬᠠᠢ ᠲᠣᠭᠲᠠᠭᠠᠯ ᠢ ᠤᠩᠰᠢᠨ | ᠨᠡᠶᠢᠲᠡᠯᠡᠵᠦ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ ᠳᠤ ᠱᠠᠩᠨᠠᠯ ᠣᠯᠭᠤᠪᠠ᠃ ᠬᠤᠯᠪᠣᠭᠳᠠᠯ | ᠪᠦᠬᠦᠢ ᠴᠡᠷᠢᠭ ᠠᠩᠭᠢ ᠪᠠ ᠣᠷᠣᠨ ᠨᠤᠲᠤᠭ ᠤᠨ ᠲᠥᠯᠥᠭᠡᠯᠡᠭᠴᠢ ᠦᠭᠡ ᠬᠡᠯᠡᠪᠡ᠃ | ᠱᠢ ᠲᠠᠢ ᠹᠧᠩ᠂ ᠯᠢ ᠱᠤ᠋ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ ᠶᠡᠭᠡ ᠬᠤᠷᠠᠯ ᠳᠤ ᠣᠷᠣᠯᠴᠠᠪᠠ᠃ | ᠴᠧᠨ ᠢ ᠴᠢᠨ ᠶᠡᠭᠡ ᠬᠤᠷᠠᠯ ᠢ ᠡᠷᠭᠢᠯᠡᠵᠡᠢ᠃ | ᠨᠡᠷᠡᠶᠢᠳᠦᠭᠳᠡᠭᠰᠡᠨ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ᠂ ᠪᠦᠭᠦ ᠤᠯᠤᠰ ᠤᠨ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ | ᠬᠦᠷᠢᠶᠡᠯᠡᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ︶ | | |