ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ
ᠨᠡᠶᠢᠲᠡᠯᠡᠭᠰᠡᠨ ᠴᠠᠭ᠄
2025/4/27
    ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃    ᠬᠤᠷᠠᠯ ᠠᠴᠠ᠂ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠵᠣᠬᠢᠴᠠᠨ ᠬᠦᠴᠦᠯᠡᠵᠦ᠂ ᠠᠵᠤ ᠠᠬᠤᠢ ᠰᠠᠶᠢᠵᠢᠷᠠᠬᠤ ᠬᠠᠨᠳᠤᠰᠢ ᠢᠯᠡᠷᠡᠵᠦ᠂ ᠨᠡᠶᠢᠭᠡᠮ ᠤᠨ ᠢᠲᠡᠭᠡᠯ ᠢ ᠦᠷᠭᠦᠯᠵᠢᠯᠡᠨ ᠬᠥᠪᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠪᠠᠬᠢᠵᠢᠭᠦᠯᠬᠦ ᠴᠢᠬᠤᠯᠠᠲᠠᠢ ᠪᠠᠶᠢᠵᠤ᠂ ᠭᠠᠳᠠᠨᠠᠬᠢ ᠳᠠᠭᠠᠷᠢᠯᠲᠠ ᠶᠢᠨ ᠨᠥᠯᠥᠭᠡ ᠶᠡᠬᠡᠰᠴᠦ ᠪᠠᠶᠢᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠪᠡᠯᠡᠳᠬᠡᠯ ᠲᠥᠰᠥᠯ ᠢᠶᠠᠨ ᠭᠦᠢᠴᠡᠳ ᠪᠡᠯᠡᠳᠬᠡᠵᠦ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠦᠵᠡᠪᠡ᠃    ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠣᠯᠣᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠵᠢᠭᠦᠯᠵᠦ᠂ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠤ ᠲᠦᠷᠭᠡᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠡᠩ ᠴᠢᠩᠭ᠎ᠠ ᠨᠡᠩ ᠢᠳᠡᠪᠬᠢ ᠦᠢᠯᠡᠳᠦᠯ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠱᠠᠯᠠᠪᠳᠠᠨ ᠬᠡᠷᠡᠭᠵᠢᠭᠦᠯᠵᠦ᠂ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠣᠯᠣᠨ ᠵᠣᠬᠢᠰᠲᠠᠢ ᠠᠭᠤᠵᠢᠭᠤ ᠲᠠᠯᠪᠢᠭᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ᠂ ᠤᠯᠤᠰ ᠤᠨ ᠭᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠵᠤ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠪᠠ ᠬᠦᠦ ᠮᠥᠩᠭᠦ ᠶᠢ ᠴᠠᠭ ᠲᠤᠬᠠᠢ ᠳᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠴᠡᠳ ᠬᠥᠳᠡᠯᠦᠩᠭᠦᠢ ᠴᠢᠨᠠᠷ ᠲᠠᠢ ᠪᠠᠶᠢᠬᠤ ᠶᠢ ᠪᠠᠲᠤᠯᠠᠨ᠂ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠴᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠰᠢᠨ᠎ᠡ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠭᠠᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡ ᠶᠢᠨ ᠬᠦᠷᠢᠶᠡᠨ ᠳᠠᠬᠢ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠳᠠᠷᠤᠶᠢᠬᠠᠨ ᠢᠯᠭᠠᠷᠠᠭᠤᠯᠵᠤ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ ᠳᠠᠭᠢᠨ ᠵᠢᠭᠡᠯᠡᠯᠭᠡ ᠶᠢ ᠪᠠᠶᠢᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠬᠤᠶᠠᠷ ᠴᠢᠬᠤᠯᠠ︾ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠬᠤᠷᠠᠮᠳᠤᠭᠤᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ  ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠰᠢᠨ᠎ᠡ ᠪᠠᠷ ᠮᠠᠨᠳᠤᠭᠰᠠᠨ ᠲᠤᠯᠭᠠᠭᠤᠷᠢ ᠠᠵᠤ ᠦᠢᠯᠡᠰ ᠢ ᠪᠠᠶᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠡᠰᠡᠭ︾ ᠢ ᠰᠢᠨ᠎ᠡ ᠪᠠᠷ ᠡᠭᠦᠳᠦᠨ ᠭᠠᠷᠭᠠᠵᠤ᠂ ︽ᠵᠣᠬᠢᠶᠠᠮᠠᠯ ᠣᠶᠤᠨ ᠴᠢᠳᠠᠪᠤᠷᠢ +︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠥᠷᠢᠰᠦᠯᠳᠦᠭᠡᠨ ᠤ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡᠲᠤ ᠲᠤᠷᠰᠢᠯᠲᠠ ᠶᠢᠨ ᠴᠡᠭ ᠤᠨ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ︽ᠭᠠᠳᠠᠭᠰᠢ ᠭᠠᠷᠴᠤ ᠶᠠᠪᠤᠬᠤ︾ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠳᠡᠯᠡᠬᠡᠢ ᠨᠡᠶᠢᠭᠡᠮ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠢᠳᠡᠪᠬᠢᠲᠡᠢ ᠬᠠᠮᠠᠭᠠᠯᠠᠵᠤ᠂ ᠭᠠᠭᠴᠠ ᠲᠠᠯᠠᠲᠤ ᠡᠵᠡᠷᠬᠡᠬᠦ ᠠᠵᠢᠯᠯᠠᠭ᠎ᠠ ᠶᠢ ᠡᠰᠡᠷᠭᠦᠴᠡᠬᠦ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠨ ᠨᠠᠮᠳᠠᠭᠠᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠬᠠᠮ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠳᠬᠡᠨ ᠰᠢᠢᠳᠪᠦᠷᠢᠯᠡᠬᠦ ᠬᠡᠷᠡᠭᠲᠡᠢ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠵᠦ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠦᠯᠡᠳᠡᠭᠳᠡᠯ  ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠬᠡᠷᠡᠭᠲᠡᠢ᠃ ᠪᠣᠭᠤᠮᠲᠠ ᠶᠢᠨ ᠭᠠᠶᠢᠯᠢ ᠶᠢᠨ ᠨᠥᠯᠥᠭᠡ ᠶᠢ ᠨᠡᠯᠢᠶᠡᠳ ᠶᠡᠭᠡ ᠭᠥᠷᠳᠡᠭᠰᠡᠨ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢ ᠳᠡᠭᠡᠭᠰᠢᠯᠡᠭᠦᠯᠭᠦ ᠬᠡᠷᠡᠭᠲᠡᠢ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠢ ᠴᠢᠩᠭᠠᠳᠬᠠᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ  ᠬᠡᠷᠡᠭᠲᠡᠢ ᠭᠡᠵᠦ  ᠴᠢᠬᠤᠯᠠᠴᠢᠯᠠᠪᠠ᠃     ᠬᠤᠷᠠᠯ ᠠᠴᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠡᠷᠲᠡ ᠨᠡᠶᠢᠲᠡᠯᠡᠵᠦ ᠡᠷᠲᠡ ᠦᠷ᠎ᠡ ᠪᠦᠲᠦᠮᠵᠢ ᠣᠯᠵᠤ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠨᠡᠮᠡᠭᠳᠡᠭᠦᠯᠦᠨ ᠨᠥᠭᠡᠴᠡᠯᠡᠬᠦ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠡᠷᠡᠭᠵᠢᠭᠦᠯᠵᠦ᠂ ᠬᠡᠪ ᠠᠴᠠ ᠳᠠᠪᠠᠭᠰᠠᠨ ᠦᠶᠡᠯᠡᠯ ᠤᠨ ᠬᠤᠭᠤᠴᠠᠭᠠᠨ ᠤ ᠲᠣᠬᠢᠷᠠᠭᠤᠯᠭ᠎ᠠ ᠶᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠲᠣᠭᠲᠠᠭᠤᠨ ᠤ ᠦᠨᠳᠦᠰᠦᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠦᠴᠢᠷ ᠢ ᠰᠥᠷᠦᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠪᠦᠳᠤᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 25 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ