ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ - ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ ᠵᠣᠬᠢᠶᠠᠮᠠᠯ ᠣᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/4/27
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠲᠤᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ ᠤᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠵᠧᠩ ᠨᠠᠨ ᠨᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃    ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ  ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠤᠨᠤᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ ᠬᠠᠨᠳᠤᠵᠤ᠂ ᠨᠠᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ ᠬᠡᠷᠡᠭᠯᠡᠬᠦ ᠶᠢ ᠪᠦᠭᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠭᠢᠶᠠᠯ ᠢ ᠡᠵᠡᠮᠳᠡᠵᠦ᠂ ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠤᠨᠤᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠡᠭᠡᠳᠦ ᠲᠡᠰ ᠤᠨ ᠴᠢᠫ᠂ ᠰᠠᠭᠤᠷᠢ ᠵᠥᠭᠡᠯᠡᠨ ᠲᠤᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠤᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ ᠲᠤᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ  ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ ᠵᠣᠬᠢᠶᠠᠮᠠᠯ ᠤᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ ᠴᠢᠯᠦᠭᠡᠲᠡᠢ ᠪᠤᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠪᠦᠭᠦ ᠰᠤᠷᠤᠯᠭ᠎ᠠ ᠶᠢᠨ ᠱᠠᠲᠤᠨ ᠳᠠᠬᠢ ᠵᠢᠭᠠᠨ ᠰᠤᠷᠭᠠᠯᠲᠠ ᠪᠠ ᠪᠦᠭᠦ ᠨᠡᠶᠢᠭᠡᠮ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠵᠢᠭᠠᠨ ᠰᠤᠷᠭᠠᠯᠲᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠭᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠦᠷᠦ ᠶᠢᠨ ᠪᠣᠳᠣᠯᠭ᠎ᠠ ᠪᠠᠶᠢᠭᠤᠯᠤᠯ᠂ ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ ᠡᠵᠡᠮᠳᠡᠵᠦ ᠳᠡᠶᠢᠯᠭᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠤᠯᠠᠨ ᠤᠯᠤᠰ ᠤᠨ ᠤᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠤᠶᠤᠨ ᠴᠢᠳᠠᠪᠤᠷᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠪᠥᠮᠪᠥᠷᠴᠡᠭ ᠤᠨ ᠣᠶᠤᠨᠲᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠭᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠰᠠᠯᠲᠠ ᠶᠢᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃︵  ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠭᠢᠯᠭᠠᠨ ᠮᠡᠳᠡᠭᠡ  ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ