| ᠡᠨᠡ ᠵᠢᠯ ᠠᠴᠠ ᠨᠠᠭᠠᠰᠢ᠂ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ︽ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠡᠢ᠃ 2 ᠰᠠᠷ᠎ᠠ ᠶᠢᠨ ᠰᠡᠭᠦᠯᠴᠢ | ᠪᠤᠯᠲᠠᠯ᠎ᠠ᠂ ᠪᠦᠭᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 7712.4 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ | ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.8 ᠬᠤᠪᠢ ᠲᠦᠷᠭᠡᠨ ᠪᠣᠯᠵᠠᠢ᠃ | ᠡᠨᠡ ᠵᠢᠯ ᠠᠴᠠ ᠨᠠᠭᠠᠰᠢ᠂ ᠮᠠᠨ ᠤ ᠣᠷᠣᠨ ︽ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠦᠢᠯᠡᠳᠦᠯ ᠢ ᠪᠠᠳᠠᠷᠠᠭᠤᠯᠵᠤ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠥᠩᠭᠦᠨ ᠭᠦᠢᠯᠭᠡᠭᠡᠨ ᠢᠶᠠᠷ ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠦᠢᠯᠡᠴᠢᠯᠡᠭᠡᠨ ᠤ ᠪᠠᠩᠬᠢ ᠶᠢᠨ | ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠢ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠨᠠᠢᠮᠠᠨ ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ | ᠲᠠᠷᠬᠠᠭᠠᠭᠰᠠᠨ ︽ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠭᠦᠨᠵᠡᠭᠡᠢ ᠠᠭᠤᠳᠠᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠵᠢᠭᠡᠯᠡᠯᠭᠡ ᠲᠠᠯᠪᠢᠬᠤ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ | ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠡᠢ᠃ | 2025 ᠣᠨ ᠤ 2 ᠰᠠᠷ᠎ᠠ ᠳᠤ᠂ ᠪᠦᠭᠦ ᠣᠷᠣᠨ ᠤ ᠰᠢᠨ᠎ᠡ ᠪᠠᠷ ᠲᠠᠷᠬᠠᠭᠠᠭᠰᠠᠨ ᠠᠷᠠᠳ ᠤᠨ ᠵᠣᠭᠤᠰ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ | ᠬᠦᠦ ᠶᠢᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.17 ᠬᠤᠪᠢ ᠪᠠᠭᠤᠷᠠᠵᠠᠢ᠂ ᠡᠭᠦᠨ ᠳᠤ ᠰᠢᠨ᠎ᠡ ᠪᠠᠷ | ᠲᠠᠷᠬᠠᠭᠠᠭᠰᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠶᠢᠨ ᠨᠣᠷᠮ᠎ᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠠᠷᠢᠴᠠᠯ ᠢᠶᠠᠷ 0.37᠂ 0.71 ᠪᠠ 0.36 ᠬᠤᠪᠢ ᠪᠠᠭᠤᠷᠠᠵᠠᠢ᠃ | 2025 ᠣᠨ ᠤ 1 - 3 ᠰᠠᠷ᠎ᠠ ᠳᠤ᠂ ᠪᠦᠭᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠷᠢᠶᠠᠯᠠᠩ ᠢ ᠳᠡᠮᠵᠢᠬᠦ ᠪᠠ ᠪᠠᠭ᠎ᠠ ᠠᠵᠤ | ᠠᠬᠤᠶᠢᠯᠠᠯ ᠢ ᠳᠡᠮᠵᠢᠬᠦ ᠳᠠᠭᠢᠨ ᠵᠢᠭᠡᠯᠡᠯᠭᠡ ᠶᠢ ᠨᠡᠶᠢᠲᠡ 40.7 ᠳ᠋ᠦᠩᠰᠢᠭᠤᠷ ᠲᠥᠭᠦᠷᠢᠭ ᠬᠡᠷᠡᠭᠯᠡᠵᠦ᠂ ᠳᠠᠭᠢᠨ ᠪᠡᠯᠡᠨ ᠮᠥᠩᠭᠦ ᠰᠣᠯᠢᠬᠤ ᠶᠢ | ᠭᠦᠢᠴᠡᠳᠬᠡᠬᠦ ᠳᠤ 78.9 ᠳ᠋ᠦᠩᠰᠢᠭᠤᠷ ᠲᠥᠭᠦᠷᠢᠭ ᠭᠦᠢᠴᠡᠳᠬᠡᠵᠡᠢ᠃ ᠭᠤᠷᠪᠠᠨ ᠵᠦᠢᠯ ᠤᠨ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠣᠷᠣᠨ ᠢᠶᠠᠷ ᠢᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠮᠡᠷᠭᠡᠵᠢᠯ ᠤᠨ ᠥᠭᠡᠷᠡᠴᠢᠯᠡᠯᠲᠡ ᠶᠢᠨ ᠵᠢᠭᠡᠯᠡᠯᠭᠡ ᠶᠢ ᠨᠡᠶᠢᠲᠡ 20.1 ᠳ᠋ᠦᠩᠰᠢᠭᠤᠷ ᠲᠥᠭᠦᠷᠢᠭ ᠲᠠᠯᠪᠢᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠪᠠᠭᠠᠰᠬᠠᠬᠤ ᠵᠢᠭᠡᠯᠡᠯᠭᠡ ᠶᠢ 852.2 ᠳ᠋ᠦᠩᠰᠢᠭᠤᠷ ᠲᠥᠭᠦᠷᠢᠭ ᠲᠠᠯᠪᠢᠵᠤ᠂ ᠰᠲ᠋ᠣᠺ ᠢ ᠪᠤᠴᠠᠭᠠᠨ ᠬᠤᠳᠠᠯᠳᠤᠨ ᠠᠪᠴᠤ ᠡᠵᠡᠮᠰᠢᠬᠦ ᠵᠢᠭᠡᠯᠡᠯᠭᠡ ᠶᠢ 10.1 | ᠳ᠋ᠦᠩᠰᠢᠭᠤᠷ ᠲᠥᠭᠦᠷᠢᠭ ᠲᠠᠯᠪᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠷ ᠳᠣᠣᠷ᠎ᠠ ᠪᠡᠯᠡ ᠲᠣᠬᠢᠷᠠᠭᠤᠯᠭ᠎ᠠ | ᠭᠦᠷᠲᠡᠭᠦ ᠶᠢ ᠬᠦᠴᠦᠲᠡᠢ ᠳᠡᠮᠵᠢᠵᠡᠢ᠃ | | | |