ᠮᠠᠨ ᠤ ᠣᠷᠣᠨ ᠤ 1977 ᠲᠥᠷᠥᠯ ᠵᠦᠢᠯ ᠳᠤ 830.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠠᠪᠴᠢᠷᠠᠪᠠ
ᠨᠡᠶᠢᠲᠡᠯᠡᠭᠰᠡᠨ ᠴᠠᠭ᠄
2025/4/28
    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽︿ᠵᠢᠷᠭᠤᠭᠠᠨ ᠠᠵᠢᠯᠯᠠᠭ᠎ᠠ﹀ ᠶᠢ ᠭᠦᠨᠵᠡᠭᠡᠢ ᠥᠷᠨᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠤᠯᠠᠷᠢᠯ ᠳᠤ ᠮᠠᠨ ᠤ ᠣᠷᠣᠨ ᠭᠠᠳᠠᠭᠰᠢ ᠭᠠᠷᠴᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯᠯᠠᠭ᠎ᠠ ᠶᠢ ᠡᠷᠴᠢᠮᠲᠡᠢ ᠥᠷᠨᠢᠭᠦᠯᠵᠦ᠂ ᠣᠳᠣᠬᠠᠨ ᠳᠤ ᠶᠠᠭ ᠬᠡᠷᠡᠭᠵᠢᠭᠦᠯᠵᠦ ᠪᠠᠶᠢᠭ᠎ᠠ 1977 ᠲᠦᠷᠦᠯ ᠵᠦᠢᠯ ᠳᠤ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠨᠡᠶᠢᠲᠡ 830.4 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 37.7% ᠪᠠᠷ  ᠨᠡᠮᠡᠭᠳᠡᠪᠡ᠃    ᠮᠠᠨ ᠤ ᠣᠷᠣᠨ ᠤ ᠲᠦᠷᠦᠭᠦᠤ ᠤᠯᠠᠷᠢᠯ ᠳᠤ ᠠᠪᠴᠢᠷᠠᠭᠰᠠᠨ ᠪᠡᠯᠡ ᠮᠥᠩᠭᠦ ᠶᠢᠨ 71.5% ᠨᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠠᠵᠤ ᠠᠬᠤᠢ ᠶᠢᠨ ᠭᠤᠣᠯᠳᠠᠯᠭ᠎ᠠ ᠲᠠᠢ ᠭᠠᠵᠠᠷ ᠣᠷᠣᠨ ᠳᠤ ᠬᠤᠯᠪᠣᠭᠳᠠᠵᠤ᠂ ᠡᠳᠡᠭᠡᠷ ᠭᠠᠵᠠᠷ ᠣᠷᠣᠨ ᠠᠴᠠ ᠪᠣᠳᠠᠲᠠᠢ ᠣᠷᠣᠭᠤᠯᠤᠨ ᠠᠪᠴᠢᠷᠠᠭᠰᠠᠨ ᠪᠡᠯᠡ ᠮᠥᠩᠭᠦ ᠨᠡᠶᠢᠲᠡ 593.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 46.6% ᠪᠠᠷ ᠨᠡᠮᠡᠭᠳᠡᠪᠡ᠃ ᠡᠭᠦᠨ ᠤ ᠬᠠᠮᠲᠤ᠂ ᠲᠦᠷᠦᠭᠦᠦ ᠤᠯᠠᠷᠢᠯ ᠳᠤ ᠮᠠᠨ ᠤ ᠣᠷᠣᠨ ᠤ ᠰᠢᠨ᠎ᠡ ᠪᠠᠷ ᠭᠡᠷ᠎ᠡ ᠲᠣᠭᠲᠠᠭᠰᠠᠨ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠢ ᠳᠠᠪᠠᠭᠰᠠᠨ ᠲᠥᠷᠥᠯ ᠵᠦᠢᠯ 376 ᠳᠤ ᠬᠦᠷᠴᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠰᠠᠶᠢᠨ ᠡᠭᠢᠯᠡᠯᠲᠡ ᠶᠢ ᠪᠡᠶᠡᠯᠡᠭᠦᠯᠵᠡᠢ᠃    ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠨᠡᠶᠢᠲᠡ 5573.1 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃ ᠡᠨᠡ ᠵᠢᠯ ᠤᠨ 2 ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ  ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠴᠢᠩᠭᠠᠷᠠᠭᠤᠯᠤᠨ᠂ ᠪᠦᠭᠦ ᠵᠢᠯ ᠳᠤ 5700 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠠᠪᠴᠢᠷᠠᠬᠤ ᠬᠠᠷᠠᠯᠲᠠ ᠲᠣᠭᠲᠠᠭᠠᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ