ᠬᠢᠨᠠᠨ ᠵᠥᠪᠰᠢᠶᠡᠷᠡᠬᠦ ᠬᠤᠷᠳᠤᠴᠠ ᠤᠳᠠᠭᠠᠨ᠂ ᠣᠯᠠᠨ ᠲᠠᠯ᠎ᠠ ᠠᠴᠠ ᠬᠢᠨᠠᠨ ᠬᠠᠮᠢᠶᠠᠷᠴᠤ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠵᠦ | ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠬᠢᠨᠠᠨ ᠵᠥᠪᠰᠢᠶᠡᠷᠡᠬᠦ ᠶᠢ ᠲᠦᠷᠭᠡᠳᠬᠡᠵᠦ᠂ ᠬᠠᠪᠰᠤᠷᠴᠤ ᠬᠢᠨᠠᠨ ᠬᠠᠮᠢᠶᠠᠷᠬᠤ ᠶᠢ ᠲᠤᠰᠠᠯᠠᠬᠤ᠂ ᠬᠦᠰᠡᠯ ᠱᠠᠭᠠᠷᠳᠠᠯᠭ᠎ᠠ ᠶᠢᠨ | ᠠᠷᠭ᠎ᠠ ᠵᠠᠮ ᠢ ᠰᠢᠯᠤᠭᠤᠳᠬᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ | ᠪᠤᠢ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ 10 ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ︽ᠣᠨᠴᠠᠭᠠᠶ ᠭᠤᠭᠴᠤᠭ᠎ᠠ︾ ᠶᠢ ᠴᠥᠭᠡᠳᠬᠡᠵᠦ᠂ ᠬᠠᠪᠰᠤᠷᠴᠤ ᠣᠷᠣᠯᠠᠨ ᠭᠦᠢᠴᠡᠳᠬᠡᠬᠦ ᠦᠢᠯᠡᠴᠢᠯᠡᠭᠡ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 2410 ᠣᠷᠣᠯᠠᠨ ᠭᠦᠢᠴᠡᠳᠬᠡᠬᠦ ᠲᠤᠰᠬᠠᠢ ᠲᠤᠰᠢᠶᠠᠯᠲᠠᠨ᠂ ᠠᠵᠤ ᠠᠬᠤᠶᠢᠯᠠᠯ ᠳᠤ 4 ᠲᠦᠮᠡ ᠭᠠᠷᠤᠢ | ᠤᠳᠠᠭ᠎ᠠ ᠬᠠᠪᠰᠤᠷᠴᠤ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ 500 ᠭᠠᠷᠤᠢ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠪᠠ᠃ ᠡᠯ᠎ᠡ | ᠱᠠᠲᠤᠨ ᠤ ᠬᠢᠨ ᠢ ᠵᠣᠬᠢᠶᠠᠨ ᠪᠠᠶᠢᠭᠤᠯᠵᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠲᠦᠰᠢᠭᠯᠡᠨ ᠬᠢᠨᠠᠯᠲᠠ | ᠬᠠᠮᠢᠶᠠᠷᠤᠯᠲᠠ ᠶᠢᠨ ᠵᠦᠢᠯᠡᠰ ᠢ ᠪᠦᠭᠦ ᠲᠠᠯ᠎ᠠ ᠪᠠᠷ ᠡᠮᠬᠢᠯᠡᠵᠦ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠠᠭᠤ ᠶᠢ ᠬᠠᠮᠢᠶᠠᠷᠴᠤ ᠪᠤᠯᠬᠤ ᠶᠠᠭᠤ | ᠶᠢ ᠬᠠᠮᠢᠶᠠᠷᠪᠠᠯ ᠵᠣᠬᠢᠰᠲᠠᠢ ᠭᠡᠳᠡᠭ ᠲᠤ ︽ᠳᠣᠲᠣᠷ᠎ᠠ ᠪᠠᠨ ᠲᠤᠭ᠎ᠠ ᠲᠠᠢ︾ ᠪᠠᠶᠢᠬᠤ ᠶᠢᠨ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠯᠲᠠ ᠬᠠᠮᠢᠶᠠᠷᠤᠯᠲᠠ ᠶᠢᠨ ᠵᠦᠢᠯᠡᠰ | ᠢ ᠳᠦᠷᠢᠮᠵᠢᠭᠦᠯᠵᠦ᠂ ᠠᠵᠤ ᠠᠬᠤᠶᠢᠯᠠᠯ᠂ ᠲᠤᠰᠬᠠᠢ ᠤᠲᠠᠰᠤ ᠪᠣᠯᠣᠨ ᠲᠦᠷᠦ ᠶᠢᠨ ᠪᠣᠳᠣᠯᠭ᠎ᠠ ᠶᠢᠨ ᠲᠤᠰᠬᠠᠢ ᠠᠵᠢᠯᠲᠠᠨ ᠢ ︽ᠭᠤᠷᠪᠠᠨ ᠲᠠᠯ᠎ᠠ ᠪᠠᠷ | ᠬᠤᠯᠪᠤᠭ᠎ᠠ ᠠᠪᠬᠤ︾ ᠲᠣᠭᠲᠠᠴᠠ ᠶᠢ ᠲᠡᠭᠦᠯᠳᠡᠷᠵᠢᠭᠦᠯᠦᠨ᠂ ᠪᠦᠭᠦ ᠣᠷᠣᠨ ᠤ 776 ᠰᠠᠯᠠᠭ᠎ᠠ ᠮᠥᠴᠢᠷ 2908 ᠲᠦᠷᠦ ᠶᠢᠨ ᠪᠣᠳᠣᠯᠭ᠎ᠠ ᠶᠢᠨ ᠲᠤᠰᠬᠠᠢ | ᠠᠵᠢᠯᠲᠠᠨ ᠢ ᠲᠣᠭᠲᠠᠭᠠᠵᠤ᠂ 2485 ᠤᠳᠠᠭ᠎ᠠ ︽ᠭᠤᠷᠪᠠᠨ ᠲᠠᠯ᠎ᠠ ᠪᠠᠷ ᠬᠤᠯᠪᠤᠭ᠎ᠠ ᠠᠪᠬᠤ︾ ᠶᠢ ᠪᠡᠶᠡᠯᠡᠭᠦᠯᠪᠡ᠃ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠠᠴᠠ ᠠᠵᠤ ᠠᠬᠤᠶᠢᠯᠠᠯ ᠳᠤ ᠬᠤᠯᠪᠣᠭᠳᠠᠭᠰᠠᠨ ᠬᠦᠴᠢᠷ ᠲᠦᠪᠡᠭ ᠲᠠᠢ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠠᠵᠢᠯ ᠢ | ᠪᠠᠶᠢᠩᠭᠤᠵᠢᠭᠤᠯᠵᠤ᠂ ᠪᠦᠭᠦ ᠣᠷᠣᠨ ᠤ 11.7 ᠲᠦᠮᠡᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠨᠳᠦᠰᠦᠨ ᠮᠡᠳᠡᠭᠡ ᠵᠠᠩᠭᠢ ᠶᠢ ᠬᠠᠯᠠᠮᠰᠢᠯ | ᠤᠲᠠᠰᠤᠨ ᠤ ᠲᠠᠪᠴᠠᠩ ᠳᠤ ᠣᠷᠣᠭᠤᠯᠵᠤ᠂ 3 ᠰᠠᠷ᠎ᠠ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠴᠠ ᠠᠵᠤ ᠠᠬᠤᠶᠢᠯᠠᠯ ᠳᠤ | ᠬᠤᠯᠪᠣᠭᠳᠠᠭᠰᠠᠨ ᠬᠦᠴᠢᠷ ᠲᠦᠪᠡᠭ ᠲᠠᠢ 130 ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠵᠦ᠂ ᠨᠢᠭᠡ ᠪᠦᠯᠦᠭ ᠠᠵᠤ ᠠᠬᠤᠶᠢᠯᠠᠯ ᠤᠨ ᠲᠤᠯᠭᠠᠮ | ᠱᠠᠭᠠᠷᠳᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | |