ᠣᠶᠢᠷ᠎ᠠ ᠳᠤ ᠲᠦᠩᠯᠢᠶᠣᠣ ᠬᠤᠳᠠ ᠶᠢᠨ ᠨᠠᠢᠮᠠᠨ ᠬᠤᠰᠢᠭᠤ ᠴᠠᠭ ᠢ ᠠᠮᠵᠢᠨ᠂ 2025 ᠣᠨ ᠤ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠮᠡᠷᠭᠡᠵᠢᠯ ᠤᠨ ᠪᠣᠯᠪᠠᠰᠤᠷᠠᠯ ᠡᠷᠭᠢᠯᠡᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ | ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠰᠤᠳᠤᠯᠤᠭᠴᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠡᠷᠳᠡᠨᠢ ᠰᠢᠰᠢ ᠶᠢᠨ ᠮᠦ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ ᠸᠠᠩ ᠺᠧ ᠷᠦ᠋ ᠫᠷᠤᠹᠧᠰᠰᠤᠷ ᠢ ᠤᠷᠢᠵᠤ ᠬᠢᠴᠢᠶᠡᠯ | ᠣᠷᠣᠭᠤᠯᠤᠨ᠂ ᠪᠦᠭᠦ ᠬᠤᠰᠢᠭᠤᠨ ᠤ ᠲᠠᠷᠢᠶᠠᠯᠠᠬᠤ ᠡᠷᠦᠭᠡ ᠳᠤ ︽ᠲᠣᠨ ᠤ ᠤᠨᠠᠯᠲᠠᠲᠤ ᠲᠠᠷᠢᠶ᠎ᠠ︾ ᠳᠠᠷᠢᠬᠤ ᠨᠢᠭᠤᠴᠠ ᠵᠣᠷ ᠢ ᠤᠯᠠᠮᠵᠢᠯᠠᠪᠠ᠃ | ᠸᠠᠩ ᠺᠧ ᠷᠦ᠋ ᠫᠷᠤᠹᠧᠰᠰᠤᠷ ᠨᠠᠢᠮᠠᠨ ᠬᠤᠰᠢᠭᠤᠨ ᠤ ᠡᠷᠳᠡᠨᠢ ᠰᠢᠰᠢ ᠲᠠᠷᠢᠬᠤ ᠭᠤᠣᠯ ᠣᠷᠣᠨ ᠪᠠᠶᠠᠨᠲᠠᠯ᠎ᠠ ᠰᠤᠮᠤ᠂ ᠳᠠᠴᠢᠨᠲᠠᠯ᠎ᠠ ᠪᠠᠯᠭᠠᠰᠤ᠂ ᡁᠢ ᠠᠨ | ᠪᠠᠯᠭᠠᠰᠤ᠂ ᠮᠢᠩ ᠷᠧᠨ ᠰᠤᠮᠤ ᠵᠡᠷᠭᠡ ᠭᠠᠵᠠᠷ ᠲᠤ ᠳᠥᠷᠪᠡ ᠤᠳᠠᠭ᠎ᠠ ᠬᠢᠴᠢᠶᠡᠯ ᠣᠷᠣᠪᠠ᠃ ᠲᠡᠷᠡ ᠪᠠᠷ ︽ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ | ᠶᠢ ᠶᠡᠭᠡ ᠪᠠᠷ ᠳᠡᠭᠡᠭᠰᠢᠯᠡᠭᠦᠯᠭᠦ ᠠᠷᠭ᠎ᠠ ᠵᠠᠮ ᠪᠣᠯᠣᠨ ᠮᠡᠷᠭᠡᠵᠢᠯ︾ ᠭᠡᠬᠦ ᠰᠡᠳᠦᠪ ᠢᠶᠠᠷ ᠨᠠᠢᠮᠠᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | PPT ᠦᠵᠡᠭᠦᠯᠭᠡ ᠪᠣᠯᠣᠨ ᠠᠮᠢᠳᠤᠯᠢᠭ ᠲᠠᠶᠢᠯᠪᠤᠷᠢᠯᠠᠯᠲᠠ ᠪᠠᠷ ᠲᠤᠬᠠᠢ ᠶᠢᠨ ᠭᠠᠵᠠᠷ ᠤᠨ ᠡᠷᠳᠡᠨᠢ ᠰᠢᠰᠢ ᠶᠢᠨ ᠲᠠᠷᠢᠮᠠᠯ ᠳᠤ ᠣᠷᠣᠰᠢᠵᠤ ᠪᠠᠶᠢᠭ᠎ᠠ | ᠵᠥᠷᠢᠶ᠎ᠡ ᠶᠢ ᠵᠠᠳᠠᠯᠤᠨ ᠰᠢᠨᠵᠢᠯᠡᠬᠦ ᠶᠢᠨ ᠬᠠᠮᠲᠤ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠭᠰᠠᠨ ᠪᠠᠶᠢᠨ᠎ᠠ᠃ ᠸᠠᠩ | ᠺᠧ ᠷᠦ ᠫᠷᠤᠹᠧᠰᠰᠤᠷ ᠪᠠᠰᠠ ᠮᠠᠯᠴᠢᠨ ᠲᠠᠷᠢᠶᠠᠴᠢᠨ ᠲᠠᠢ ᠪᠤᠳᠤᠯ ᠰᠠᠨᠠᠯ ᠢᠶᠠᠨ ᠰᠣᠯᠢᠯᠴᠠᠬᠤ ᠴᠠᠭ ᠭᠠᠷᠭᠠᠨ᠂ ᠮᠠᠯᠴᠢᠨ ᠲᠠᠷᠢᠶᠠᠴᠢᠨ ᠤ ᠳᠤᠷᠠᠳᠤᠭᠰᠠᠨ | ᠠᠰᠠᠭᠤᠯᠲᠠ ᠶᠢ ᠨᠢ ᠬᠦᠯᠢᠴᠡᠩᠭᠦᠢ ᠪᠠᠷ ᠬᠠᠷᠢᠭᠤᠯᠵᠤ᠂ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠢ ᠮᠠᠰᠢ ᠭᠦᠷ ᠬᠥᠭᠵᠢᠶᠡᠨ ᠲᠠᠢ ᠪᠤᠯᠭᠠᠬᠰᠠᠨ | ᠪᠠᠶᠢᠯ᠎ᠠ᠃ | ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠬᠰᠠᠨ ᠪᠠᠶᠠᠨᠲᠠᠯ᠎ᠠ ᠰᠤᠮᠤ ᠶᠢᠨ ᠲᠠᠷᠢᠶᠠᠴᠢᠨ ᠼᠦᠢ ᠴᠢᠶᠠᠩ᠄ ︽ᠦᠨᠡᠬᠡᠷ ᠪᠠᠭ᠎ᠠ ᠪᠤᠰᠤ ᠶᠠᠭᠤᠮ᠎ᠠ | ᠣᠯᠵᠤ ᠰᠤᠷᠴᠠᠢ᠂ ︿ᠭᠡᠨᠡᠳᠲᠡ ᠰᠡᠭᠡᠰᠭᠡᠴᠢᠭᠡᠯᠡ﹀ ᠭᠡᠵᠦ ᠬᠡᠯᠡᠵᠦ ᠪᠣᠯᠣᠨ᠎ᠠ᠃ ᠸᠠᠩ ᠪᠠᠭᠰᠢ ᠡᠷᠳᠡᠨᠢ ᠰᠢᠰᠢ ᠶᠢᠨ ᠦᠷ᠎ᠡ ᠰᠣᠩᠭᠤᠬᠤ ᠠᠴᠠ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠭᠦᠷᠲᠡᠯ᠎ᠡ᠂ ᠮᠠᠰᠢ ᠨᠠᠷᠢᠨ ᠨᠢᠭᠲᠠ ᠶᠠᠷᠢᠵᠤ᠂ ᠪᠢᠳᠡᠨ ᠳᠤ ᠮᠠᠰᠢ ᠶᠡᠭᠡ ᠰᠡᠩᠬᠡᠷᠡᠭᠦᠯᠦᠯ ᠥᠭᠴᠡᠢ᠂ ᠢᠯᠠᠩᠭᠤᠶ᠎ᠠ | ᠪᠤᠳᠤᠯ ᠰᠠᠨᠠᠯ ᠢᠶᠠᠨ ᠰᠣᠯᠢᠯᠴᠠᠬᠤ ᠭᠤᠭᠴᠤᠭ᠎ᠠ ᠨᠢ ᠪᠢᠳᠡᠨ ᠳᠤ ᠲᠤᠰᠬᠠᠢ ᠮᠡᠷᠭᠡᠵᠢᠯᠲᠡᠨ ᠢᠶᠠᠷ ᠰᠢᠭᠤᠳ ᠵᠢᠭᠠᠯᠭᠠᠬᠤ ᠵᠠᠪᠰᠢᠶᠠᠨ ᠣᠯᠭᠤᠵᠤ᠂ ᠠᠯᠢ ᠤᠯᠠᠨ | ᠪᠣᠳᠠᠲᠤ ᠠᠰᠠᠭᠤᠳᠠᠯ ᠢ ᠰᠢᠢᠳᠪᠦᠷᠢᠯᠡᠪᠡ᠂ ᠪᠣᠯᠪᠠᠰᠤᠷᠠᠯ ᠳᠤ ᠣᠷᠣᠯᠴᠠᠭᠠᠳ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠪᠠᠨ ᠰᠠᠶᠢᠲᠤᠷ ᠪᠡᠯᠡᠳᠬᠡᠬᠦ ᠳᠤ | ᠢᠲᠡᠭᠡᠯ ᠲᠡᠭᠦᠯᠳᠡᠷ ᠪᠣᠯᠵᠠᠢ︕︾ ᠬᠡᠮᠡᠨ ᠰᠡᠳᠬᠢᠯ ᠳᠣᠭᠳᠣᠯᠤᠨ ᠶᠠᠷᠢᠪᠠ᠃ | ᠨᠠᠢᠮᠠᠨ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠳ᠋ ᠡᠷᠭᠢᠯᠡᠭᠴᠢ ᠪᠠᠢ ᠫᠧᠩ ᠤᠨ ᠲᠠᠨᠢᠯᠴᠠᠭᠤᠯᠤᠭᠰᠠᠨ ᠢᠶᠠᠷ᠂ ᠲᠣᠰ | ᠤᠳᠠᠭᠠᠨ ᠤ ᠪᠣᠯᠪᠠᠰᠤᠷᠠᠯ ᠨᠢ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠳᠡᠯᠭᠡᠷᠡᠭᠦᠯᠬᠦ ᠪᠠᠷ | ᠳᠠᠮᠵᠢᠭᠤᠯᠤᠨ᠂ ᠡᠷᠳᠡᠨᠢ ᠰᠢᠰᠢ ᠶᠢᠨ ᠤᠨᠠᠯᠲᠠ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠢᠮᠠᠨ ᠤ ᠬᠦᠴᠦᠨ ᠴᠢᠳᠠᠯ ᠢ ᠨᠡᠮᠡᠷᠢᠯᠡᠬᠦ ᠪᠠᠷ ᠵᠣᠷᠢᠯᠲᠠ ᠪᠣᠯᠭᠠᠵᠠᠢ᠃ ᠨᠠᠢᠮᠠᠨ ᠬᠤᠰᠢᠭᠤ | 2021 ᠣᠨ ᠠᠴᠠ ᠡᠷᠳᠡᠨᠢ ᠰᠢᠰᠢ ᠶᠢ ᠨᠢᠭᠲᠠ ᠳᠠᠷᠢᠵᠤ ᠡᠯᠪᠡᠭ ᠬᠤᠷᠢᠶᠠᠬᠤ ᠮᠡᠷᠭᠡᠵᠢᠯ ᠢ ᠳᠡᠯᠭᠡᠷᠡᠭᠦᠯᠦᠭᠰᠡᠨ ᠠᠴᠠ ᠨᠠᠭᠠᠰᠢ ᠢᠯᠡᠳᠲᠡ ᠦᠷ᠎ᠡ | ᠪᠦᠲᠦᠮᠵᠢ ᠣᠯᠪᠠ᠃ 2024 ᠣᠨ ᠳᠤ᠂ ᠪᠦᠭᠦ ᠬᠤᠰᠢᠭᠤᠨ ᠤ ᠬᠢᠨ ᠲᠤᠰ ᠮᠡᠷᠭᠡᠵᠢᠯ ᠢ ᠳᠡᠯᠭᠡᠷᠡᠭᠦᠯᠦᠭᠰᠡᠨ ᠲᠠᠯᠠᠪᠠᠶ 120 ᠲᠦᠮᠡᠨ ᠮᠦ ᠶᠢ ᠳᠠᠪᠠᠵᠤ᠂ | ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠳᠠ ᠨᠢ ᠬᠠᠮᠤᠭ ᠤᠨ ᠥᠨᠳᠥᠷ ᠲᠡᠭᠡᠨ 2363.7 ᠵᠢᠩ ᠳᠤ ᠬᠦᠷᠴᠦ᠂ ᠮᠦ ᠨᠢᠭᠡᠴᠢ ᠶᠢᠨ ᠳᠤᠮᠳᠠᠴᠢ | ᠤᠨᠠᠯᠲᠠ 300 ᠵᠢᠩ ᠢ ᠳᠠᠪᠠᠵᠠᠢ᠂ ᠡᠭᠦᠨ ᠳᠤ ᠡᠯᠡᠰᠦᠷᠬᠡᠭ ᠣᠷᠣᠨ ᠤ ᠮᠦ ᠨᠢᠭᠡᠴᠢ ᠶᠢᠨ ᠬᠠᠮᠤᠭ ᠤᠨ ᠥᠨᠳᠥᠷ ᠤᠨᠠᠯᠲᠠ ᠨᠢ 2240.78 ᠵᠢᠩ ᠳᠤ | ᠬᠦᠷᠴᠦ᠂ ᠮᠦ ᠨᠢᠭᠡᠴᠢ ᠶᠢᠨ ᠳᠤᠮᠳᠠᠴᠢ ᠤᠨᠠᠯᠲᠠ 400 ᠵᠢᠩ ᠢ ᠳᠠᠪᠠᠨ᠂ ︽ᠲᠣᠨ ᠤ ᠤᠨᠠᠯᠲᠠᠲᠤ ᠲᠠᠷᠢᠶ᠎ᠠ︾ ᠶᠢᠨ ᠰᠢᠪᠲᠤᠯᠤᠯᠲᠠ ᠶᠢ ᠠᠮᠵᠢᠯᠲᠠ ᠲᠠᠢ | ᠪᠡᠶᠡᠯᠡᠭᠦᠯᠦᠭᠰᠡᠨ ᠪᠠᠶᠢᠨ᠎ᠠ᠃ | ︽ᠳᠠᠷᠠᠭᠠᠴᠢ ᠪᠠᠷ ᠲᠠᠷᠢᠶᠠᠴᠢᠳ ᠲᠠᠭᠠᠨ ᠪᠣᠯᠪᠠᠰᠤᠷᠠᠯ ᠬᠦᠷᠲᠡᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ ᠤᠨ ᠵᠠᠩᠭᠢᠯᠠᠭ᠎ᠠ ᠶᠢᠨ | ᠤᠯᠠᠷᠢᠯ ᠳᠤ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠪᠣᠯᠪᠠᠰᠤᠷᠠᠯ ᠡᠷᠭᠢᠯᠡᠨ᠂ ᠨᠡᠩ ᠤᠯᠠᠨ ᠲᠠᠷᠢᠶᠠᠯᠠᠬᠤ ᠡᠷᠦᠭᠡ ᠳᠤ ᠡᠷᠳᠡᠨᠢ ᠰᠢᠰᠢ ᠶᠢ ᠨᠢᠭᠲᠠ | ᠲᠠᠷᠢᠵᠤ ᠡᠯᠪᠡᠭ ᠬᠤᠷᠢᠶᠠᠬᠤ ᠮᠡᠷᠭᠡᠵᠢᠯ ᠢ ᠡᠵᠡᠮᠰᠢᠭᠦᠯᠵᠦ᠂ ᠡᠨᠡ ᠬᠦ ᠮᠡᠷᠭᠡᠵᠢᠯ ᠢ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠭᠠᠨ᠂ ᠨᠠᠢᠮᠠᠨ ᠬᠤᠰᠢᠭᠤᠨ | ᠤ 2025 ᠣᠨ ᠤ ᠠᠮᠤ ᠪᠤᠳᠠᠭᠠᠨ ᠤ ᠤᠨᠠᠯᠲᠠ ᠶᠢ ᠦᠷᠭᠦᠯᠵᠢᠯᠡᠨ ᠳᠡᠭᠡᠭᠰᠢᠯᠡᠭᠦᠯᠭᠦ ᠳᠤ ᠲᠤᠯᠭᠠᠭᠤᠷᠢᠯᠠᠯ ᠬᠠᠩᠭᠠᠨ᠎ᠠ︾ ᠭᠡᠵᠦ ᠪᠠᠢ ᠫᠧᠩ ᠬᠡᠯᠡᠵᠦ | ᠪᠠᠶᠢᠯ᠎ᠠ᠃ | ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠨᠠᠢᠮᠠᠨ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠪᠦᠭᠦ ᠬᠤᠰᠢᠭᠤᠨ ᠤ | 7 ᠰᠤᠮᠤ ᠰᠢᠶᠠᠩ ᠪᠠᠯᠭᠠᠰᠤᠨ ᠳᠤ 11 ᠲᠠᠯᠠᠪᠠᠢ ᠪᠣᠯᠪᠠᠰᠤᠷᠠᠯ ᠡᠷᠭᠢᠯᠡᠵᠦ᠂ ᠨᠡᠶᠢᠲᠡ 8000 ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠨ᠂ ᠮᠠᠯᠴᠢᠨ | ᠲᠠᠷᠢᠶᠠᠴᠢᠨ ᠳᠤ ᠡᠷᠳᠡᠨᠢ ᠰᠢᠰᠢ ᠳᠠᠷᠢᠬᠤ ᠲᠡᠷᠢᠭᠦᠨ ᠤ ᠮᠡᠷᠭᠡᠵᠢᠯ ᠢ ᠣᠶᠢᠯᠠᠭᠠᠭᠤᠯᠤᠭᠰᠠᠨ ᠪᠥᠭᠡᠳ ᠰᠢᠨᠵᠢᠯᠡᠬᠦ ᠤᠬᠠᠭᠠᠨᠴᠢ ᠪᠠᠷ ᠳᠠᠷᠢᠬᠤ ᠤᠬᠠᠮᠰᠠᠷ ᠢ ᠨᠢ | ᠳᠡᠭᠡᠭᠰᠢᠯᠡᠭᠦᠯᠵᠡᠢ᠃ | |