ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠬᠥᠮᠥᠰ ᠤᠨ ᠡᠷᠡᠭᠦᠯ ᠮᠡᠨᠳᠦ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ᠂ ᠡᠷᠡᠭᠦᠯ | ᠠᠮᠢᠳᠤᠷᠠᠬᠤ ᠠᠷᠭ᠎ᠠ ᠮᠠᠶ᠋ᠢᠭ ᠢ ᠬᠥᠭᠡᠭᠡᠴᠡᠯᠳᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠤᠯᠪᠠᠰᠤᠷᠠᠭᠤᠯᠬᠤ ᠨᠢ ᠡᠳᠦᠷ ᠢᠷᠡᠬᠦᠶ᠎ᠡ ᠬᠥᠮᠥᠰ ᠤᠨ ᠲᠡᠷᠢᠭᠦᠨ | ᠰᠣᠩᠭᠤᠯᠲᠠ ᠪᠣᠯᠵᠠᠢ᠃ 4 ᠰᠠᠷ᠎ᠠ ᠶᠢᠨ 21 ᠤ ᠥᠷᠯᠥᠭᠡ ᠡᠷᠲᠡ᠂ ᠣᠷᠳᠣᠰ ᠬᠤᠳᠠ ᠶᠢᠨ ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠸᠧᠨ | ᠶᠤᠸᠠᠨ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ᠂ ᠬᠥᠭᠵᠢᠮ ᠤᠨ ᠠᠶᠠᠰ ᠬᠤᠯᠠ ᠠᠴᠠ ᠬᠠᠩᠭᠢᠨᠠᠨ᠂ ᠥᠷᠯᠥᠭᠡ ᠶᠢᠨ ᠪᠣᠯᠪᠠᠰᠤᠷᠠᠯ ᠳᠤ | ᠣᠷᠤᠯᠴᠠᠬᠤ ᠪᠠᠷ ᠢᠷᠡᠭᠰᠡᠨ ᠬᠤᠳᠠ ᠶᠢᠨ ᠠᠷᠠᠳ ᠬᠥᠭᠵᠢᠮ ᠤᠨ ᠠᠶᠠᠰ ᠢ ᠲᠠᠭᠠᠨ ︽ᠥᠷᠯᠥᠭᠡ ᠶᠢᠨ ᠲᠠᠮᠢᠷ︾ ᠢᠶᠠᠨ ᠬᠢᠵᠡᠭᠡᠵᠦ ᠪᠠᠶᠢᠯ᠎ᠠ᠃ | ︽ᠪᠦᠭᠦ ᠪᠠᠯᠭᠠᠰᠤᠨ ᠳᠤ ᠪᠠᠷᠤᠭ 30 ᠭᠠᠷᠤᠢ ᠥᠷᠯᠥᠭᠡ ᠣᠷᠣᠢ ᠶᠢᠨ ᠪᠡᠶ᠎ᠡ ᠪᠤᠯᠪᠠᠰᠤᠷᠠᠭᠤᠯᠬᠤ ᠪᠦᠯᠭᠦᠮ ᠪᠤᠢ᠂ ᠪᠦᠯᠭᠦᠮ ᠪᠦᠷᠢ ᠳᠤ 50 | ᠭᠠᠷᠤᠢ ᠬᠥᠮᠥᠨ ᠪᠠᠶᠢᠨ᠎ᠠ᠂ ᠲᠣᠭᠲᠠᠭᠰᠠᠨ ᠴᠠᠭ᠂ ᠲᠣᠭᠲᠠᠭᠰᠠᠨ ᠳᠠᠭᠠᠭᠤᠯᠤᠭᠴᠢ ᠶᠢᠨ ᠳᠠᠭᠠᠭᠤᠯᠭ᠎ᠠ ᠪᠠᠷ ᠬᠥᠭᠰᠢᠨ ᠵᠠᠯᠠᠭᠤ ᠢᠳᠡᠷᠴᠦᠳ ᠬᠠᠮᠲᠤ ᠪᠠᠷ | ᠠᠭᠤᠳᠠᠮ ᠲᠠᠯᠠᠪᠠᠢ ᠶᠢᠨ ᠪᠥᠵᠢᠭ ᠪᠥᠵᠢᠭᠯᠡᠬᠦ ᠪᠤᠶᠤ ᠲᠠᠮᠢᠷ ᠬᠢᠵᠦ ᠪᠡᠶ᠎ᠡ ᠪᠠᠨ ᠪᠣᠯᠪᠠᠰᠤᠷᠠᠭᠤᠯᠳᠠᠭ︾ ᠭᠡᠵᠦ ᠭᠠᠯᠠᠭᠤᠲᠤ ᠪᠠᠯᠭᠠᠰᠤᠨ ᠤ ᠬᠤᠲᠠ ᠶᠢᠨ | ᠠᠷᠠᠳ ᠯᠢᠶᠠᠩ ᠠᠪᠠᠭ᠋ᠠᠢ ᠲᠠᠨᠢᠯᠴᠠᠭᠤᠯᠤᠨ᠎ᠠ᠃ | ᠳᠤᠰ ᠬᠤᠰᠢᠭᠤᠨ ᠤ ᠶᠡᠷᠦᠩᠬᠡᠶᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠵᠣᠬᠢᠶᠠᠭᠰᠠᠨ ᠪᠡᠶ᠎ᠡ ᠰᠤᠪᠢᠯᠠᠬᠤ ᠲᠠᠮᠢᠷ ᠨᠢ ᠪᠠᠰᠠ ᠬᠤᠳᠠ ᠶᠢᠨ | ᠠᠷᠠᠳ ᠤᠨ ᠬᠠᠯᠠᠭᠤᠨ ᠬᠦᠷᠢᠶᠡᠯᠡᠯ ᠢ ᠣᠯᠵᠠᠢ᠃ ᠳᠤᠰ ᠡᠮᠨᠡᠯᠭᠡ ᠶᠢᠨ ᠬᠤᠷᠢᠶ᠎ᠠ ᠲᠤᠰᠬᠠᠢ ᠠᠵᠢᠯᠲᠠᠨ ᠲᠣᠮᠢᠯᠠᠨ ᠪᠡᠶ᠎ᠡ ᠴᠢᠭᠢᠷᠠᠭᠵᠢᠭᠤᠯᠬᠤ ᠥᠷᠲᠡᠭᠡ᠂ | ᠠᠭᠤᠳᠠᠮ ᠳᠠᠯᠠᠪᠡᠢ ᠳᠤ ᠣᠴᠢᠭᠤᠯᠵᠤ ᠡᠨᠡ ᠬᠦ ᠲᠠᠮᠢᠷ ᠢᠶᠠᠨ ᠤᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠵᠢᠭᠠᠵᠤ ᠪᠠᠶᠢᠯ᠎ᠠ᠃ ᠡᠨᠡ ᠬᠦ ︽ᠪᠡᠶ᠎ᠡ | ᠴᠢᠭᠢᠷᠠᠭᠵᠢᠭᠤᠯᠬᠤ ᠬᠠᠯᠠᠭᠤᠷᠠᠯ︾ ᠨᠢ ᠪᠦᠭᠦ ᠬᠤᠰᠢᠭᠤᠨ ᠤ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠭᠦ ᠲᠠᠯ᠎ᠠ ᠪᠠᠷ ᠲᠦᠭᠡᠮᠡᠯᠵᠢᠭᠰᠡᠨ | ᠲᠠᠢ ᠨᠢᠭᠲᠠ ᠬᠤᠯᠪᠤᠭ᠎ᠠ ᠲᠠᠢ ᠶᠤᠮ᠃ ᠦᠦᠰᠢᠨ ᠬᠤᠰᠢᠭᠤᠨ ᠤ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠪᠠ ᠭᠠᠴᠠᠭ᠎ᠠ ᠲᠣᠰᠬᠤᠨ ᠤ ᠪᠡᠶ᠎ᠡ ᠶᠢᠨ | ᠲᠠᠮᠢᠷ ᠤᠨ ᠰᠠᠭᠤᠷᠢ ᠲᠥᠬᠦᠭᠡᠷᠦᠮᠵᠢ ᠪᠦᠭᠦ ᠲᠠᠯ᠎ᠠ ᠪᠠᠷ ᠲᠦᠭᠡᠮᠡᠯᠵᠢᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ᠂ ᠣᠷᠳᠣᠨ ᠵᠡᠷᠭᠡ ᠶᠢ | ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠂ ᠬᠤᠳᠠ ᠶᠢᠨ ᠠᠷᠠᠳ ᠤᠨ ︽ᠪᠡᠶ᠎ᠡ ᠪᠠᠨ ᠪᠤᠯᠪᠠᠰᠤᠷᠠᠭᠤᠯᠬᠤ︾ ᠲᠠᠯᠠᠪᠤᠷ ᠦᠭᠡᠢ ᠬᠦᠴᠢᠷ ᠠᠰᠠᠭᠤᠳᠠᠯ ᠢ | ᠰᠢᠢᠳᠪᠦᠷᠢᠯᠡᠵᠦ᠂ ᠬᠤᠲᠠ ᠶᠢᠨ ᠠᠷᠠᠳ ᠲᠤ ᠳᠥᠭᠦᠮ ᠳᠥᠲᠡ᠂ ᠠᠰᠢᠭ ᠬᠦᠷᠲᠡᠭᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠪᠦᠷᠢᠯᠳᠦᠭᠦᠯᠵᠡᠢ᠃ | ᠣᠶᠢᠷ᠎ᠠ ᠶᠢᠨ ᠵᠢᠯ ᠠᠴᠠ ᠨᠠᠭᠠᠰᠢ᠂ ᠦᠦᠰᠢᠨ ᠬᠤᠰᠢᠭᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ | ᠢ ᠠᠷᠠᠳ ᠤᠨ ᠠᠮᠢᠳᠤᠷᠠᠯ ᠤᠨ ᠢᠨᠵᠧᠨᠧᠷᠢᠩ ᠲᠠᠢ ᠭᠦᠨᠵᠡᠭᠡᠢ ᠠᠭᠤᠰᠤᠯᠴᠠᠭᠤᠯᠵᠤ᠂ ᠤᠯᠠᠨ ᠰᠠᠯᠠᠭ᠎ᠠ ᠮᠥᠴᠢᠷ ᠬᠠᠮᠵᠢᠯᠴᠠᠵᠤ ᠬᠤᠰᠢᠭᠤ ᠪᠠᠯᠭᠠᠰᠤ ᠰᠤᠮᠤ | ᠬᠠᠮᠲᠤ ᠪᠠᠷ ᠬᠥᠳᠡᠯᠦᠯᠴᠡᠨ᠂ ᠪᠡᠶ᠎ᠡ ᠶᠢᠨ ᠲᠠᠮᠢᠷ ᠤᠨ ᠣᠯᠠᠨ ᠡᠰᠢᠲᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠬᠤᠲᠠ ᠬᠥᠳᠡᠭᠡ ᠶᠢᠨ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢ | ᠦᠭᠡᠢ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠭᠦ ᠬᠤᠰᠢᠭᠤᠨ ᠤ | ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠭᠦ ᠪᠣᠳᠣᠯᠭ᠎ᠠ ᠶᠢᠨ ᠱᠠᠭᠠᠷᠳᠠᠯᠭ᠎ᠠ ᠳᠤ ᠣᠷᠣᠭᠤᠯᠵᠤ᠂ 791 ᠪᠡᠶ᠎ᠡ ᠶᠢᠨ ᠲᠠᠮᠢᠷ | ᠤᠨ ᠲᠠᠯᠠᠪᠤᠷ ︵ᠣᠷᠳᠣᠨ︶ ᠢ ᠰᠢᠨᠡᠳᠬᠡᠨ ᠪᠠᠶᠢᠭᠤᠯᠵᠤ᠂ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠳᠤᠨᠤᠭ ᠲᠥᠬᠦᠭᠡᠷᠦᠮᠵᠢ ᠶᠢ ᠢᠵᠢ ᠪᠦᠷᠢᠳᠦᠭᠦᠯᠵᠦ᠂ | ᠪᠡᠶ᠎ᠡ ᠶᠢᠨ ᠲᠠᠮᠢᠷ ᠤᠨ ᠲᠠᠯᠠᠪᠤᠷ ᠤᠨ ᠨᠡᠶᠢᠳᠡ ᠲᠠᠯᠠᠪᠠᠢ 74 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠥᠮᠥᠨ ᠳᠤᠮᠳᠠᠴᠢ ᠶᠢᠨ ᠪᠡᠶ᠎ᠡ | ᠪᠤᠯᠪᠠᠰᠤᠷᠠᠭᠤᠯᠬᠤ ᠲᠠᠯᠠᠪᠠᠢ 4.54 ᠲᠡᠭᠰᠢ ᠳᠥᠷᠪᠡᠯᠵᠢᠨ ᠮᠧᠲᠷ ᠲᠤ ᠬᠦᠷᠴᠦ᠂ ︽15 ᠮᠢᠨᠦ᠋ᠲ ᠤᠨ ᠪᠡᠶ᠎ᠡ ᠪᠤᠯᠪᠠᠰᠤᠷᠠᠭᠤᠯᠬᠤ ᠴᠠᠭᠠᠷᠢᠭ︾ ᠢ ᠪᠦᠭᠦ | ᠨᠡᠶᠢᠭᠡᠮ ᠲᠣᠭᠤᠷᠢᠭ ᠲᠤ ᠪᠦᠷᠬᠦᠭᠦᠯᠦᠨ᠂ ᠪᠡᠶ᠎ᠡ ᠶᠢᠨ ᠲᠠᠮᠢᠷ ᠤᠨ ᠳᠤᠨᠤᠭ ᠲᠥᠬᠦᠭᠡᠷᠦᠮᠵᠢ ᠶᠢ ᠪᠦᠷᠬᠦᠭᠦᠯᠦᠭᠰᠡᠨ ᠨᠣᠷᠮ᠎ᠠ 100% ᠳᠤ ᠬᠦᠷᠴᠡᠢ᠃ | ᠣᠳᠣᠬᠠᠨ ᠳᠤ ᠦᠦᠰᠢᠨ ᠬᠤᠰᠢᠭᠤ ︽ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠢ ᠠᠭᠤᠰᠤᠯᠴᠠᠭᠤᠯᠤᠨ ᠳᠠᠶᠢᠴᠢᠯᠠᠬᠤ︾ ᠬᠤᠯᠪᠤᠭᠠᠯᠠᠨ | ᠬᠥᠳᠡᠯᠦᠯᠴᠡᠬᠦ ᠬᠥᠭᠵᠢᠯᠲᠡ ᠶᠢᠨ ᠵᠠᠭᠪᠤᠷ ᠢ ᠪᠤᠢ ᠪᠤᠯᠭᠠᠵᠤ᠂ ᠪᠡᠶ᠎ᠡ ᠶᠢᠨ ᠲᠠᠮᠢᠷ ᠬᠢᠭᠡᠳ ᠰᠣᠶᠣᠯ ᠤᠨ ᠡᠬᠢ ᠪᠠᠶᠠᠯᠢᠭ ᠢ ᠣᠷᠭᠠᠨᠢᠭ ᠢᠶᠠᠷ ᠨᠡᠶᠢᠳᠬᠡᠬᠦ ᠪᠠᠷ | ᠳᠠᠮᠵᠢᠭᠤᠯᠤᠨ᠂ ᠰᠢᠷᠠᠤ᠋ᠰᠤᠨ ᠰᠣᠶᠣᠯ ᠤᠷᠠᠯᠢᠭ ᠤᠨ ᠨᠠᠶᠢᠷ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠠᠶᠢᠷ᠂ ︽ᠠᠭᠤᠯᠠ ᠤᠰᠤ ᠪᠠᠷ ᠵᠣᠷᠴᠢᠬᠤ︾ | ᠶᠠᠪᠠᠭᠠᠨ ᠶᠠᠪᠤᠬᠤ ᠠᠵᠢᠯᠯᠠᠭᠠᠨ᠂ ᠤᠮᠪᠠᠯᠲᠠ ᠶᠢᠨ ᠤᠷᠢᠯᠭ᠎ᠠ ᠶᠢᠨ ᠤᠷᠤᠯᠳᠤᠭᠠᠨ᠂ ︽ᠵᠢᠷᠤᠭ᠎ᠠ ᠮᠣᠷᠢ︾ ᠳᠠᠭᠤᠤ ᠬᠥᠭᠵᠢᠮ ᠤᠨ ᠨᠠᠶᠢᠷ᠂ ᠵᠢᠭᠤᠯᠴᠢᠯᠠᠯ ᠤᠨ | ᠨᠠᠭᠠᠳᠤᠮ᠂ ᠮᠥᠰᠥ ᠴᠠᠰᠤᠨ ᠤ ᠰᠣᠶᠣᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠦᠨ᠂ 2024 ᠣᠨ | ᠳᠤ ᠡᠷᠭᠢᠯᠡᠨ ᠶᠠᠪᠤᠭᠳᠠᠭᠤᠯᠤᠭᠰᠠᠨ ᠲᠤᠯᠤᠭᠠᠨ ᠶᠡᠭᠡ ᠭᠤᠣᠯ ᠰᠡᠳᠦᠪᠲᠦ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠬᠰᠠᠨ | ᠬᠥᠮᠥᠨ ᠤ ᠲᠤᠭ᠎ᠠ 60 ᠲᠦᠮᠡᠨ ᠬᠥᠮᠥᠨ ᠤᠳᠠᠭ᠎ᠠ ᠳᠤ ᠬᠦᠷᠴᠡᠢ᠃ | |