ᠰᠢ ᠶᠢᠨ ᠫᠢᠩ | ᠨᠥᠬᠦᠳ ᠠ᠋᠂ ᠨᠠᠶᠢᠵᠠ ᠨᠠᠷ ᠠ᠋᠄ | ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠪᠢᠳᠡ ᠦᠪᠡᠳᠡᠭᠰᠢ ᠶᠡᠭᠡ ᠴᠤᠭᠯᠠᠭᠠᠨ | ᠪᠣᠯᠵᠤ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠮᠠᠨ ᠤ | ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠦᠨ | ᠳ᠋ᠦᠩᠨᠡᠵᠦ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠮᠠᠨ ᠤ ᠤᠯᠤᠰ ᠤᠨ | ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠤᠯᠠᠮ ᠳᠠᠶᠢᠴᠢᠯᠠᠨ | ᠵᠣᠷᠢᠭᠵᠢᠭᠤᠯᠵᠤ ᠪᠠᠶᠢᠨ᠎ᠠ᠃ | ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠲᠤ ᠭᠠᠷᠮᠠᠭᠠᠢ ᠲᠡᠦᠬᠡᠲᠦ | ᠬᠤᠪᠢ ᠨᠡᠮᠡᠷᠢ ᠦᠵᠡᠭᠦᠯᠦᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠣᠨ ᠠᠬᠠᠮᠠᠳ ᠨᠢᠭᠡ ᠦᠶ᠎ᠡ ᠶᠢᠨ ᠠᠵᠢᠯᠴᠢᠨ ᠤ ᠡᠪᠯᠡᠯ ᠤᠨ | ᠤᠳᠤᠷᠢᠳᠬᠤ ᠬᠥᠮᠥᠰ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ︕ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ | ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ | ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ | ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ ᠪᠠᠶᠢᠨ᠎ᠠ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠶ᠎ᠡ︕ | ᠡᠭᠦᠨ ᠤ ᠬᠠᠮᠲᠤ᠂ ᠪᠢ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ ᠲᠥᠯᠥᠭᠡᠯᠡᠵᠦ᠂ ᠪᠦᠭᠦ | ᠳᠡᠯᠡᠬᠡᠢ ᠶᠢᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | ᠨᠥᠬᠦᠳ ᠠ᠋᠂ ᠨᠠᠶᠢᠵᠠ ᠨᠠᠷ ᠠ᠋︕ | 1925 ᠣᠨ ᠤ 5 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠢ ᠦᠨᠳᠦᠰᠦᠯᠡᠨ᠂ | ᠬᠤᠶᠠᠳᠤᠭᠠᠷ ᠤᠳᠠᠭᠠᠨ ᠤ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ ᠭᠤᠸᠠᠩᠵᠧᠦ ᠳᠤ ᠡᠬᠢᠯᠡᠵᠦ᠂ ᠡᠨᠡ ᠤᠳᠠᠭᠠᠨ ᠤ ᠶᠡᠭᠡ ᠬᠤᠷᠠᠯ ᠠᠴᠠ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠭᠰᠠᠨ ᠪᠢᠯᠡ᠃ 100 ᠵᠢᠯ ᠤᠨ | ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠡᠯ᠎ᠡ ᠲᠡᠦᠬᠡᠨ ᠴᠠᠭ | ᠦᠶ᠎ᠡ ᠶᠢᠨ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ | ᠠᠯᠬᠤᠭ᠎ᠠ ᠶᠢ ᠰᠠᠯᠤᠯ ᠦᠭᠡᠢ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ | ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠴᠢᠨ ᠲᠦᠮᠡᠨ ᠢ | ᠪᠦᠯᠬᠦᠮᠳᠡᠭᠦᠯᠦᠨ ᠲᠠᠶᠢᠴᠢᠯᠠᠵᠤ ᠶᠠᠭᠤᠨ ᠠᠴᠠ ᠴᠤ ᠠᠶᠤᠬᠤ ᠦᠭᠡᠢ ᠬᠤᠪᠢᠰᠬᠠᠯᠲᠤ ᠵᠣᠷᠢᠭ ᠰᠠᠨᠠᠭ᠎ᠠ ᠪᠠᠷ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ | ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠬᠦ ᠬᠤᠪᠢᠰᠬᠠᠯ ᠤᠨ ᠤᠷᠤᠰᠬᠠᠯ ᠳᠤ ᠡᠷᠡᠯᠬᠡᠭ ᠪᠠᠭᠠᠲᠤᠷᠯᠢᠭ ᠢᠶᠠᠷ ᠣᠷᠣᠯᠴᠠᠵᠤ᠂ ᠡᠮᠦᠨᠡᠬᠢ ᠨᠢ ᠤᠨᠠᠪᠠᠯ | ᠬᠤᠶᠢᠨᠠᠬᠢ ᠨᠢ ᠵᠠᠯᠭᠠᠮᠵᠢᠯᠠᠵᠤ᠂ ᠴᠢᠰᠤ ᠤᠷᠤᠰᠬᠠᠨ ᠪᠠᠶᠢᠯᠳᠤᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ | ᠪᠡᠶᠡᠯᠡᠭᠦᠯᠬᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ | ᠤᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠡᠵᠡᠨ ᠬᠥᠮᠥᠨ ᠤ ᠵᠣᠷᠢᠭ ᠰᠠᠨᠠᠭ᠎ᠠ ᠪᠣᠯᠣᠨ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠰᠢᠨ᠎ᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ | ᠲᠡᠰᠪᠦᠷᠢ ᠬᠠᠲᠠᠭᠤᠵᠢᠯᠲᠠᠢ ᠪᠠᠷ ᠦᠢᠯᠡᠰ ᠪᠣᠰᠬᠠᠵᠤ᠂ ︽ᠮᠠᠨ ᠤ ᠠᠵᠢᠯᠴᠢᠨ ᠬᠦᠴᠦᠨ ᠲᠠᠢ︾ ᠭᠡᠬᠦ ᠴᠠᠭ ᠦᠶ᠎ᠡ ᠶᠢᠨ ᠬᠦᠴᠦᠷᠬᠡᠭ ᠲᠠᠭᠤᠨ ᠢ | ᠬᠠᠩᠭᠢᠨᠠᠭᠤᠯᠵᠤ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠢ ᠪᠠᠬᠢᠵᠢᠭᠦᠯᠬᠦ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠪᠠᠶᠢᠭᠤᠯᠬᠤ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠳᠤᠮᠳᠠᠳᠤ | ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠭᠤᠣᠯ ᠬᠦᠴᠦᠨ ᠴᠡᠷᠢᠭ ᠤᠨ | ᠡᠭᠦᠷᠭᠡ ᠬᠠᠷᠢᠭᠤᠴᠠᠯᠭ᠎ᠠ ᠪᠠᠷ ᠥᠭᠡᠷᠡᠴᠢᠯᠡᠯᠲᠡ ᠨᠡᠭᠡᠭᠡᠯᠲᠡ ᠳᠤ ᠢᠳᠡᠪᠬᠢᠲᠡᠢ ᠣᠷᠣᠯᠴᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠳᠤᠷᠠᠲᠠᠶ᠎ᠠ | ᠬᠤᠪᠢ ᠨᠡᠮᠡᠷᠢ ᠦᠵᠡᠭᠦᠯᠦᠨ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ | ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ | ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ | ᠠᠵᠢᠯᠴᠢᠨ ᠤ ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ | ᠣᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠲᠡᠮᠡᠴᠡᠭᠴᠢ ᠶᠢᠨ ᠣᠪᠣᠷ ᠪᠠᠶᠢᠳᠠᠯ ᠢᠶᠠᠷ᠂ ᠢᠲᠡᠭᠡᠯ ᠲᠡᠭᠦᠯᠳᠡᠷ ᠢᠶᠠᠷ | ᠥᠪᠡᠷ ᠢ ᠪᠠᠨ ᠬᠦᠴᠦᠷᠬᠡᠭᠵᠢᠭᠦᠯᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠪᠡ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ ᠪᠣᠯ ᠮᠠᠷᠺᠰ ᠤᠨ | ᠦᠵᠡᠯ ᠤᠨ ᠠᠵᠢᠯᠴᠢᠨ ᠤ ᠬᠥᠳᠡᠯᠭᠡᠭᠡᠨ ᠤ ᠤᠨᠤᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ | 100 ᠵᠢᠯ ᠮᠥᠨ᠂ ᠮᠠᠨ ᠤ ᠤᠯᠤᠰ ᠤᠨ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠭᠤᠶᠢᠪᠢᠰᠢ ᠦᠭᠡᠢ ᠨᠠᠮ ᠢᠶᠠᠨ | ᠲᠠᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠭᠰᠡᠨ 100 ᠵᠢᠯ | ᠮᠥᠨ᠃ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ | ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ | ᠤᠳᠤᠷᠢᠳᠬᠤ ᠠᠩᠭᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ | ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ | ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ | ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ | ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠪᠦᠯᠭᠦᠮ ᠴᠣᠭᠴᠠ ᠬᠡᠷᠬᠢᠨ ᠬᠥᠭᠵᠢᠨ | ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ | ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ | ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠬᠢ ᠶᠢ ᠭᠤᠶᠢᠪᠢᠯᠵᠠᠭᠤᠯᠵᠤ ᠪᠤᠯᠬᠤ ᠦᠭᠡᠢ ᠶᠤᠮ᠃ | |