4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠵᠢᠴᠢ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ | ᠦᠪᠡᠳᠡᠭᠰᠢ ᠶᠡᠭᠡ ᠪᠠᠷ ᠶᠠᠪᠤᠭᠳᠠᠵᠤ᠂ 2426 ᠬᠥᠮᠦᠨ ᠢ ᠬᠥᠬᠢᠭᠦᠯᠦᠨ ᠰᠠᠶᠢᠰᠢᠶᠠᠪᠠ᠂ ᠡᠬᠦᠨ ᠳᠤ ᠪᠦᠬᠦ ᠤᠯᠤᠰ ᠤᠨ 1670 ᠬᠥᠳᠡᠯᠮᠦᠷᠢ ᠶᠢᠨ | ᠵᠢᠱᠢᠶᠡᠴᠢ ᠪᠠ 756 ᠪᠦᠬᠦ ᠤᠯᠤᠰ ᠤᠨ ᠲᠡᠷᠢᠭᠦᠨ ᠤ ᠠᠵᠢᠯᠲᠠᠨ ᠢ ᠪᠠᠭᠲᠠᠭᠠᠭᠰᠠᠨ 1670 ᠬᠥᠮᠦᠨ ᠪᠤᠢ᠃ | | | | | | | | ᠲᠣᠰ ᠤᠳᠠᠭ᠎ᠠ ᠮᠠᠨ ᠤ ᠬᠤᠲᠠ ᠶᠢᠨ 4 ᠬᠥᠮᠦᠨ ᠬᠥᠬᠢᠭᠦᠯᠦᠭᠳᠡᠨ ᠰᠠᠶᠢᠰᠢᠶᠠᠭᠳᠠᠵᠤ᠂ ᠡᠭᠦᠨ ᠳᠤ 2 ᠬᠥᠮᠦᠨ ︽ᠪᠥᠬᠦ ᠤᠯᠤᠰ ᠤᠨ | ᠬᠥᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠭᠥᠷᠳᠡᠪᠡ︔ 2 ᠬᠥᠮᠦᠨ ︽ᠪᠥᠬᠦ ᠤᠯᠤᠰ ᠤᠨ ᠲᠡᠷᠢᠭᠦᠨ ᠤ ᠠᠵᠢᠯᠲᠠᠨ︾ ᠤ ᠢᠷᠠᠭᠤ | ᠠᠯᠳᠠᠷ ᠢ ᠭᠥᠷᠳᠡᠵᠦ᠂ ᠲᠡᠳᠡᠨ ᠤ ᠭᠠᠷᠮᠠᠭᠠᠶ ᠠᠵᠢᠯ ᠤᠨ ᠢᠯᠡᠷᠡᠯ ᠪᠠ ᠲᠣᠪᠤᠶᠢᠮ᠎ᠠ ᠬᠤᠪᠢ ᠨᠡᠮᠡᠷᠢ ᠪᠠᠷ ᠪᠥᠬᠦ ᠤᠯᠤᠰ ᠤᠨ ᠴᠢᠨᠠᠷᠲᠠᠶ ᠡᠷᠬᠢᠮ ᠳᠡᠭᠡᠳᠦ | ᠢᠷᠠᠭᠤ ᠠᠯᠳᠠᠷ ᠢ ᠭᠥᠷᠳᠡᠵᠦ᠂ ᠰᠢᠨ᠎ᠡ ᠴᠠᠭ ᠦᠶ᠎ᠡ ᠶᠢᠨ ᠪᠠᠶᠠᠨᠨᠠᠭᠤᠷ ᠤᠨ ᠥᠷᠭᠡᠨ ᠣᠯᠠᠨ ᠠᠵᠢᠯᠲᠠᠨ ᠠᠵᠢᠯᠴᠢᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠢᠳᠡᠪᠬᠢᠲᠡᠶ ᠣᠷᠣᠯᠴᠠᠭᠰᠠᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠲᠥᠪᠯᠡᠷᠡᠩᠭᠦᠶ ᠲᠥᠯᠦᠭᠡᠯᠡᠪᠡ︕ | | |