4 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 98 ᠳ᠋ᠤᠭᠠᠷ ᠤᠳᠠᠭᠠᠨ ᠤ ᠬᠤᠷᠠᠯ ᠵᠢᠴᠢ ᠶᠡᠷᠦᠩᠬᠡᠶ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ᠂ ᠣᠶ ᠰᠢᠭᠤᠶ ᠶᠢᠨ ᠳᠠᠷᠤᠭ᠎ᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠥᠪᠯᠡᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ ᠢ ᠡᠷᠭᠢᠯᠡᠨ | ᠬᠤᠷᠠᠯᠳᠤᠪᠠ᠃ | | | | | ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ︽ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠢ | ᠨᠠᠶᠢᠳᠠᠪᠣᠷᠢᠵᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ | ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠬᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠤᠯᠤᠰ ᠲᠦᠷᠦ ᠶᠢᠨ ᠬᠢᠨᠠᠯᠲᠠ ᠶᠢ | ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠮᠡᠨ | ᠴᠢᠬᠤᠯᠠᠴᠢᠯᠠᠪᠠ᠃ | ᠬᠤᠷᠠᠯ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠰᠤᠳᠤᠯᠤᠨ ᠪᠠᠶᠢᠷᠢᠯᠠᠭᠤᠯᠵᠤ᠂ ᠳᠡᠭᠡᠳᠦ ᠱᠠᠲᠤᠨ ᠤ ᠨᠠᠮ ᠤᠨ | ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠲᠤᠷᠰᠢᠯᠭ᠎ᠠ ᠬᠢᠯᠠᠰ | ᠴᠡᠭ ᠢ ᠨᠠᠷᠢᠨ ᠬᠢᠨᠠᠮᠠᠭᠠᠢ ᠳ᠋ᠦᠩᠨᠡᠨ ᠪᠣᠯᠪᠠᠰᠤᠷᠠᠭᠤᠯᠵᠤ᠂ ᠨᠡᠩ ᠤᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ | ᠬᠡᠪᠡ᠃ | ᠬᠤᠷᠠᠯ ᠠᠴᠠ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠪᠦᠬᠦ ᠬᠦᠴᠦᠨ ᠢᠶᠠᠷ ᠢᠶᠠᠨ | ᠬᠠᠳᠠᠭᠠᠯᠠᠯᠲᠠ ᠶᠢ ᠪᠠᠭᠠᠰᠬᠠᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠤᠨ | ᠬᠠᠮᠠᠭᠠᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠤᠲᠤᠭ | ᠪᠡᠯᠴᠢᠭᠡᠷ ᠤᠨ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠬᠡᠪᠡ᠃ | ᠬᠤᠷᠠᠯ ᠠᠴᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ ᠡᠷᠴᠢᠮ ᠢ ᠴᠢᠩᠭᠠᠷᠠᠭᠤᠯᠵᠤ᠂ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |