ᠲᠦᠷᠦᠭᠦᠦ ᠤᠯᠠᠷᠢᠯ ᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠭᠢᠯᠲᠡ ᠰᠢᠨ᠎ᠡ ᠰᠠᠶᠢᠵᠢᠷᠠᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/29
    ᠰᠢᠨᠬᠤᠸᠠ ᠬᠤᠷᠢᠶ᠎ᠠ ᠶᠢᠨ ᠣᠶᠢᠷ᠎ᠠ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠠᠵᠤ ᠠᠬᠤᠢ ᠶᠢᠨ ᠲᠣᠭᠤᠷᠠᠭ ᠰᠢᠷᠡᠭᠡᠨ ᠤ ᠬᠤᠷᠠᠯ︾ ᠤᠨ ᠲᠣᠮᠣ ᠭᠡᠯᠪᠡᠷᠢ ᠶᠢᠨ ᠪᠦᠷᠢᠨ ᠵᠠᠭᠤᠴᠢᠯᠠᠭᠤᠷ ᠤᠨ ᠰᠣᠷᠪᠤᠯᠵᠢᠯᠠᠭ᠎ᠠ ᠶᠢᠨ ᠫᠷᠣᠭ᠍ᠷᠠᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠭᠦᠯᠦᠯᠲᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠮᠢᠨ ᠠᠯᠢ ᠣᠯᠠᠨ ᠲᠤᠭ᠎ᠠ ᠪᠠᠷᠢᠮᠲᠠ ᠶᠢ ᠡᠰᠢᠯᠡᠵᠦ᠂ ᠡᠨᠡ ᠵᠢᠯ ᠤᠨ ᠲᠦᠷᠦᠭᠦᠤ ᠤᠯᠠᠷᠢᠯ ᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠭᠢᠯᠲᠡ ᠰᠢᠨ᠎ᠡ ᠰᠠᠶᠢᠵᠢᠷᠠᠯᠲᠠ ᠲᠠᠢ ᠪᠣᠯᠵᠤ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠪᠣᠯᠤᠭᠰᠠᠨ ᠪᠠᠶᠢᠨ᠎ᠠ ᠭᠡᠵᠦ ᠢᠯᠡᠳᠬᠡᠪᠡ᠃    ᠡᠨᠡ ᠵᠢᠯ ᠤᠨ ᠲᠦᠷᠦᠭᠦᠤ ᠤᠯᠠᠷᠢᠯ ᠳᠤ᠂ ᠪᠦᠭᠦ ᠤᠯᠤᠰ ᠤᠨ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 197.9 ᠲᠦᠮᠡᠨ ᠡᠷᠦᠭᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠥᠩᠭᠡᠷᠡᠭᠰᠡᠨ ᠭᠤᠷᠪᠠᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠠᠪᠠᠪᠠ᠃ 3 ᠰᠠᠷ᠎ᠠ ᠶᠢᠨ ᠡᠴᠦᠰ ᠪᠤᠯᠲᠠᠯ᠎ᠠ᠂ ᠮᠠᠨ ᠤ ᠤᠯᠤᠰ ᠤᠨ ᠳᠠᠩᠰᠠᠯᠠᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 5700 ᠲᠦᠮᠡ ᠶᠢ ᠳᠠᠪᠠᠵᠤ᠂ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ 92.3% ᠶᠢ ᠡᠵᠡᠯᠡᠪᠡ᠃    ᠯᠢᠦ ᠮᠢᠨ᠂ ᠡᠨᠡ ᠵᠢᠯ ᠤᠨ 2 ᠰᠠᠷ᠎ᠠ ᠶᠢᠨ 17 ᠤ ᠡᠳᠦᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠰᠠᠨ ᠤ ᠳᠠᠷᠠᠭ᠎ᠠ᠂ ᠲᠥᠪ ᠠᠴᠠ ᠣᠷᠣᠨ ᠨᠤᠲᠤᠭ ᠭᠦᠷᠲᠡᠯ᠎ᠡ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠦᠴᠦᠯᠡᠨ ᠠᠬᠢᠭᠤᠯᠤᠭᠰᠠᠨ ᠢᠶᠠᠷ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠦᠷᠦᠭᠦᠤ ᠤᠯᠠᠷᠢᠯ ᠤᠨ ᠡᠷᠭᠢᠯᠲᠡ ᠰᠢᠨ᠎ᠡ ᠰᠠᠶᠢᠵᠢᠷᠠᠯᠲᠠ ᠲᠠᠢ ᠪᠣᠯᠵᠠᠢ ᠭᠡᠵᠦ ᠲᠠᠨᠢᠯᠴᠠᠭᠤᠯᠪᠠ᠃    ᠦᠢᠯᠡᠳᠪᠦᠷᠢᠯᠡᠯ ᠡᠵᠡᠩᠨᠡᠯᠲᠡ ᠠᠴᠠ ᠦᠵᠡᠪᠡᠯ᠂ ᠲᠦᠷᠦᠭᠦᠤ ᠤᠯᠠᠷᠢᠯ ᠳᠤ᠂ ᠮᠠᠨ ᠤ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠪᠦᠭᠦ ᠵᠢᠯ ᠤᠨ ᠬᠢ ᠠᠴᠠ ᠡᠳᠦᠢ ᠲᠡᠳᠦᠢ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ  ᠢᠶᠠᠷ 0.8 ᠬᠤᠪᠢ ᠥᠨᠳᠥᠷ ᠪᠣᠯᠵᠠᠢ᠃    ᠪᠡᠯᠡ ᠣᠷᠣᠭᠤᠯᠤᠯᠲᠠ ᠠᠴᠠ ᠦᠵᠡᠪᠡᠯ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳᠤ ᠲᠥᠪ ᠭᠤᠤᠯᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠡᠭᠦᠳᠦᠨ ᠥᠭᠴᠦ᠂ ᠠᠷᠠᠳ ᠤᠨ ᠪᠡᠯᠡ ᠣᠷᠣᠭᠤᠯᠤᠯᠲᠠ ᠲᠦᠷᠦᠭᠦᠦ ᠵᠢᠯ ᠤᠨ ᠪᠦᠭᠦ ᠵᠢᠯ ᠳᠤ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠭᠡᠳ᠂ ᠲᠦᠷᠤᠭᠦᠤ ᠤᠯᠠᠷᠢᠯ ᠳᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ᠃ ᠪᠣᠳᠠᠲᠤ ᠴᠣᠭᠴᠠ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠠᠷᠠᠳ ᠤᠨ ᠪᠡᠯᠡ ᠣᠷᠣᠭᠤᠯᠤᠯᠲᠠ ᠦᠷᠭᠦᠯᠵᠢᠯᠡᠨ ᠲᠦᠷᠭᠡᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠠᠷᠠᠳ ᠤᠨ ᠪᠡᠯᠡ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ᠂ ᠡᠭᠦᠨ ᠳᠤ ᠦᠢᠯᠡᠳᠬᠦ ᠦᠢᠯᠡᠰ ᠤᠨ ᠠᠷᠠᠳ ᠤᠨ ᠪᠡᠯᠡ ᠣᠷᠣᠭᠤᠯᠤᠯᠲᠠ 9.7% ᠪᠠᠷ ᠨᠡᠮᠡᠭᠳᠡᠵᠦ᠂ ᠮᠠᠰᠢᠨ ᠲᠡᠷᠭᠡ ᠦᠢᠯᠡᠳᠬᠦ ᠦᠢᠯᠡᠰ᠂ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠤᠨ ᠠᠷᠠᠳ ᠤᠨ ᠪᠡᠯᠡ ᠣᠷᠣᠭᠤᠯᠤᠯᠲᠠ ᠲᠣᠰ ᠲᠣᠰ 25.6%᠂ 15.4% ᠪᠠᠷ ᠨᠡᠮᠡᠭᠳᠡᠪᠡ᠃     ᠭᠠᠳᠠᠭᠠᠳᠤ ᠠᠴᠠ ᠣᠷᠣᠭᠤᠯᠵᠤ ᠭᠠᠷᠭᠠᠬᠤ ᠪᠠᠶᠢᠳᠠᠯ ᠠᠴᠠ ᠦᠵᠡᠪᠡᠯ᠂ ᠲᠦᠷᠦᠭᠦᠤ ᠤᠯᠠᠷᠢᠯ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠪᠦᠭᠦ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠤᠯᠵᠠᠶ︔ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠶᠡᠷᠦᠩᠬᠡᠢ ᠬᠡᠮᠵᠢᠶᠡᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠢ 56.8% ᠪᠤᠯᠲᠠᠯ᠎ᠠ ᠳᠡᠭᠡᠭᠰᠢᠯᠡᠭᠦᠯᠪᠡ᠃    ᠯᠢᠦ ᠮᠢᠨ᠂ ᠵᠢᠯ ᠤᠨ ᠡᠬᠢᠨ ᠠᠴᠠ ᠨᠠᠭᠠᠰᠢ᠂ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠲᠦᠷᠭᠡᠨ ᠳᠡᠭᠡᠭᠰᠢᠯᠡᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠴᠢᠬᠤᠯᠠ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠠᠬᠤᠶᠢᠯᠠᠯ ᠲᠡᠶᠢᠷᠦᠯᠲᠦ ᠰᠤᠮᠤ᠂ ᠳᠠᠭᠠᠭᠤᠯᠢ ᠤᠳᠤ ᠰᠤᠳᠤᠯᠤᠨ ᠦᠢᠯᠡᠳᠬᠦ ᠵᠡᠷᠭᠡ ᠤᠯᠠᠨ ᠬᠦᠷᠢᠶᠡᠨ ᠳᠤ ᠬᠠᠮᠵᠢᠯᠴᠠᠨ ᠰᠢᠨ᠎ᠡ ᠶᠢ ᠡᠭᠦᠳᠬᠦ ᠶᠢ ᠲᠦᠷᠭᠡᠳᠬᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠡᠯᠢᠶᠡᠳ ᠥᠨᠳᠥᠷ ᠪᠠᠶᠢᠬᠤ ᠠᠵᠤ ᠦᠢᠯᠡᠳᠪᠦᠷᠢ ᠶᠢᠨ ᠮᠠᠰᠢᠨ ᠬᠥᠮᠥᠨ᠂ ᠦᠢᠯᠡᠴᠢᠯᠡᠭᠡᠨ ᠤ ᠮᠠᠰᠢᠨ ᠬᠥᠮᠥᠨ ᠤ ᠦᠢᠯᠡᠳᠪᠦᠷᠢᠯᠡᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 26%᠂ 20% ᠪᠠᠷ ᠨᠡᠮᠡᠭᠳᠡᠵᠡᠢ ᠭᠡᠵᠦ ᠢᠯᠡᠳᠬᠡᠪᠡ᠃   ᠯᠢᠦ ᠮᠢᠨ᠄ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠬᠤ ᠳᠤᠮᠳᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠴᠤᠭ ᠵᠢᠪᠬᠤᠭ᠎ᠠ ᠬᠠᠮᠤᠭ ᠠᠴᠠ ᠴᠢᠩᠭ᠎ᠠ ᠪᠠᠶᠢᠵᠤ᠂ ᠵᠣᠷᠢᠭᠲᠠᠢ ᠪᠠᠷ ᠲᠦᠷᠦᠭᠦᠯᠡᠨ ᠬᠢᠵᠦ ᠢᠯᠠᠯᠲᠠ ᠣᠯᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠬᠤ ᠶᠢ ᠣᠯᠵᠤ ᠮᠡᠳᠡᠷᠡᠵᠡᠢ︾ ᠭᠡᠪᠡ᠃    ᠯᠢᠦ ᠮᠢᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠤᠯᠠᠨ ᠰᠢᠨ᠎ᠡ ᠠᠵᠠ ᠲᠣᠭᠢᠶᠠᠯ ᠣᠯᠭᠤᠵᠤ᠂ ᠨᠡᠩ ᠶᠡᠭᠡ ᠬᠥᠭᠵᠢᠯᠲᠡ ᠶᠢᠨ ᠣᠷᠣᠨ ᠵᠠᠢ ᠬᠠᠩᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠢᠷᠡᠭᠡᠳᠦᠢ ᠰᠠᠶᠢᠨ ᠪᠠᠶᠢᠨ᠎ᠠ ᠭᠡᠵᠦ ᠢᠯᠡᠳᠬᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ