ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ | ᠣᠷᠣᠨ ᠡᠨᠧᠷᠭᠢ ᠶᠢᠨ ᠬᠦᠷᠢᠶᠡᠨ ᠤ ᠵᠠᠰᠠᠭ ᠢ ᠴᠣᠮᠬᠠᠳᠬᠠᠨ ᠡᠷᠬᠡ ᠶᠢ ᠳᠠᠯᠪᠢᠬᠤ ᠲᠠᠰ ᠳᠠᠷᠠᠭᠠᠯᠠᠯ ᠢ ᠰᠢᠯᠢᠳᠡᠭᠵᠢᠭᠦᠯᠬᠦ ᠶᠢ ᠤᠯᠠᠮ ᠴᠢᠩᠭᠠᠳᠬᠠᠵᠤ᠂ | ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠡᠷᠬᠡ ᠶᠢ ᠲᠠᠯᠪᠢᠬᠤ ᠲᠠᠯ᠎ᠠ ᠪᠠᠷ᠂ ᠴᠠᠭᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ | ᠬᠠᠮᠢᠶ᠎ᠠ ᠪᠦᠬᠦᠢ ᠡᠷᠬᠡ ᠶᠢ ᠲᠠᠯᠪᠢᠪᠠ᠃ ᠴᠠᠭᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ᠂ ᠦᠨᠡᠯᠡᠨ ᠵᠢᠱᠢᠬᠦ᠂ ᠴᠣᠬᠤᠯᠠᠪᠤᠷᠢᠯᠠᠬᠤ ᠡᠷᠬᠡ ᠮᠡᠳᠡᠯ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠪᠦᠭᠦᠨ ᠢ ᠠᠶᠢᠮᠠᠭ | ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠭᠤᠯᠭᠠᠪᠠ᠃ ᠳᠡᠰ ᠳᠠᠷᠠᠭᠠᠯᠠᠯ ᠢ ᠰᠢᠯᠢᠳᠡᠭᠵᠢᠭᠦᠯᠬᠦ ᠲᠠᠯ᠎ᠠ ᠪᠠᠷ᠂ ᠲᠠᠷᠬᠠᠮᠠᠯ | ᠮᠠᠶ᠋ᠢᠭ ᠤᠨ ᠰᠢᠨ᠎ᠡ ᠡᠨᠧᠷᠭᠢ ᠶᠢᠨ ᠰᠢᠩᠭᠡᠬᠡᠨ ᠠᠪᠬᠤ ᠣᠷᠣᠨ ᠵᠠᠢ ᠶᠢᠨ ᠡᠷᠬᠡ ᠶᠢᠨ ᠬᠢᠵᠠᠭᠠᠷ ᠢ ᠲᠣᠭᠲᠠᠭᠠᠬᠤ ᠶᠢ ᠰᠢᠯᠢᠳᠡᠭᠵᠢᠭᠦᠯᠪᠡ᠃ ᠢᠯᠴᠢ ᠶᠢᠨ | ᠴᠠᠭᠢᠯᠭᠠᠨ ᠤ ᠠᠮᠢᠳᠤᠯᠢᠭ ᠥᠭᠡᠷᠡᠴᠢᠯᠡᠯᠲᠡ ᠶᠢ ᠰᠢᠯᠢᠳᠡᠭᠵᠢᠭᠦᠯᠵᠦ ᠰᠢᠨ᠎ᠡ ᠡᠨᠧᠷᠭᠢ ᠶᠢ ᠰᠢᠩᠭᠡᠬᠡᠨ ᠠᠪᠬᠤ ᠲᠥᠷᠥᠯ ᠵᠦᠢᠯ ᠤᠨ ᠲᠥᠰᠥᠯ ᠤᠨ | ᠬᠠᠮᠢᠶᠠᠷᠤᠯᠲᠠ ᠶᠢᠨ ᠳᠡᠰ ᠳᠠᠷᠠᠭᠠᠯᠠᠯ ᠢ ᠰᠢᠯᠢᠳᠡᠭᠵᠢᠭᠦᠯᠪᠡ᠃ ᠲᠦᠯᠡᠰᠢᠨ ᠨᠡᠭᠦᠷᠡᠰᠦ ᠶᠢᠨ ᠦᠪᠡᠰᠦᠪᠠᠨ ᠪᠡᠯᠡᠳᠬᠡᠭᠰᠡᠨ ᠴᠠᠭᠢᠯᠭᠠᠨ ᠤ ᠦᠢᠯᠡᠳᠪᠦᠷᠢ ᠶᠢᠨ | ᠳᠠᠭᠢᠨ ᠡᠭᠦᠰᠴᠦ ᠪᠤᠯᠬᠤ ᠡᠨᠧᠷᠭᠢ ᠶᠢ ᠣᠷᠣᠯᠠᠭᠤᠯᠬᠤ ᠢᠨᠵᠧᠨᠧᠷᠢᠩ ᠤᠨ ᠲᠥᠷᠥᠯ ᠵᠦᠢᠯ ᠢ ᠦᠨᠡᠯᠡᠨ ᠵᠢᠱᠢᠬᠦ ᠳᠡᠰ ᠳᠠᠷᠠᠭᠠᠯᠠᠯ ᠢ ᠰᠢᠯᠢᠳᠡᠭᠵᠢᠭᠦᠯᠪᠡ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠮᠡᠷᠭᠡᠵᠢᠯ ᠤᠨ | ᠲᠥᠪ ᠲᠤ ᠨᠠᠶᠢᠳᠠᠵᠤ ᠬᠢᠨᠠᠨ ᠪᠠᠶᠢᠴᠠᠭᠠᠯᠭᠠᠬᠤ ᠶᠡᠷᠦᠩᠬᠡᠢ ᠲᠥᠯᠦᠪᠵᠢᠭᠦᠯᠭᠡ ᠵᠢᠴᠢ ᠶᠡᠷᠦᠩᠬᠡᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠶᠢᠨ ᠭᠤᠭᠴᠤᠭ᠎ᠠ ᠶᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠴᠠᠭ ᠢ ᠪᠣᠭᠤᠨᠢᠰᠬᠠᠨ᠂ | ᠨᠡᠭᠦᠷᠡᠰᠦᠨ ᠠᠭᠤᠷᠬᠠᠢ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠵᠢᠴᠢ ᠶᠡᠷᠦᠩᠬᠡᠢ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢ ᠤᠯᠤᠰ ᠲᠤ ᠰᠢᠯᠵᠢᠭᠦᠯᠦᠨ ᠮᠡᠳᠡᠭᠦᠯᠬᠦ ᠴᠠᠭ ᠳᠤᠮᠳᠠᠴᠢ ᠪᠠᠷ 35 ᠠᠵᠢᠯᠯᠠᠬᠤ ᠡᠳᠦᠷ ᠪᠠᠶᠢᠭᠰᠠᠨ ᠢ 20 ᠠᠵᠢᠯᠯᠠᠬᠤ ᠡᠳᠦᠷ ᠪᠣᠯᠭᠠᠨ | ᠪᠠᠭᠠᠰᠬᠠᠵᠤ᠂ ᠴᠠᠭ ᠤᠨ ᠬᠢᠵᠠᠭᠠᠷ ᠢ 43% ᠪᠠᠷ ᠪᠠᠭᠠᠰᠬᠠᠵᠠᠢ᠃ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ | ᠬᠤᠯᠪᠣᠭᠳᠠᠭᠰᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ | ᠰᠢᠭᠤᠢ ᠨᠤᠲᠤᠭ ᠪᠡᠯᠴᠢᠭᠡᠷ᠂ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠰᠠᠯᠠᠭ᠎ᠠ ᠮᠥᠴᠢᠷ ᠠᠴᠠ ᠲᠥᠷᠥᠯ ᠵᠦᠢᠯ ᠢ ᠨᠡᠭᠡᠭᠡᠨ ᠬᠥᠭᠵᠢᠭᠦᠯᠬᠦ ᠰᠠᠨᠠᠯ | ᠬᠤᠷᠢᠶᠠᠬᠤ ᠭᠤᠭᠴᠤᠭ᠎ᠠ ᠶᠢᠨ ᠴᠠᠭ ᠢ ᠤᠯᠠᠮ ᠪᠣᠭᠤᠨᠢᠰᠬᠠᠵᠤ᠂ ᠰᠠᠨᠠᠯ ᠬᠤᠷᠢᠶᠠᠬᠤ ᠭᠤᠭᠴᠤᠭ᠎ᠠ ᠶᠢ 10 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠨ᠂ | ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠶᠢ ᠤᠯᠤᠰ ᠲᠤ ᠰᠢᠯᠵᠢᠭᠦᠯᠦᠨ ᠮᠡᠳᠡᠭᠦᠯᠬᠦ ᠶᠢ ᠳᠤᠮᠳᠠᠴᠢ ᠪᠠᠷ 30 ᠠᠵᠢᠯᠯᠠᠬᠤ | ᠡᠳᠦᠷ ᠪᠠᠶᠢᠭᠰᠠᠨ ᠢ 15 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠴᠠᠭ ᠤᠨ ᠬᠢᠵᠠᠭᠠᠷ ᠢ 50% ᠪᠠᠷ ᠪᠠᠭᠠᠰᠬᠠᠵᠠᠢ᠃ | |