ᠮᠠᠨ ᠤ ᠣᠷᠣᠨ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ 5 ᠢᠨᠵᠧᠨᠧᠷᠢᠩ ᠢ ᠬᠡᠷᠡᠭᠵᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2025/4/29
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ︽2025 ᠣᠨ ᠤ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭᠠᠨ ᠤ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠬᠤᠷᠳᠤᠨ ᠠᠶᠠᠯᠠᠵᠤ ᠠᠯᠭᠤᠷ ᠵᠢᠭᠤᠯᠴᠢᠯᠠᠬᠤ︾ ᠵᠠᠮ ᠬᠠᠷᠢᠯᠴᠠᠭᠠᠨ ᠤ ᠲᠣᠣᠷ ᠢ ᠲᠡᠭᠦᠯᠳᠡᠷᠵᠢᠭᠦᠯᠬᠦ᠂ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠵᠠᠰᠠᠮᠠᠯ ᠵᠠᠮ ᠤᠨ ᠵᠢᠱᠢᠶ᠎ᠡ ᠦᠵᠡᠭᠦᠯᠭᠦ᠂ ᠦᠢᠯᠡᠴᠢᠯᠡᠭᠡᠨ ᠤ ᠣᠷᠣᠨ ᠤ ᠵᠢᠭᠤᠯᠴᠢᠯᠠᠯ ᠤᠨ ᠴᠢᠳᠠᠮᠵᠢ ᠶᠢ ᠳᠡᠭᠡᠭᠰᠢᠯᠡᠭᠦᠯᠭᠦ᠂ ᠲᠡᠮᠦᠷ ᠵᠠᠮ ᠠᠷᠠᠳ ᠤᠨ ᠠᠭᠠᠷ ᠤᠨ ᠵᠥᠭᠡᠭᠡᠪᠦᠷᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠤ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠵᠥᠭᠡᠭᠡᠪᠦᠷᠢ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠬᠤ ᠵᠡᠷᠭᠡ 5 ᠢᠨᠵᠧᠨᠧᠷᠢᠩ ᠢ ᠬᠡᠷᠡᠭᠵᠢᠭᠦᠯᠵᠦ᠂ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃    ᠮᠠᠨ ᠤ ᠣᠷᠣᠨ ᠲᠠᠶᠢᠶᠤᠸᠠᠨ - ᠰᠢᠯᠢᠩᠬᠤᠲᠠ ᠬᠦᠷᠬᠦ ᠲᠡᠮᠦᠷ ᠵᠠᠮ᠂ G233 ᠪᠢᠷᠠᠭᠤ - ᠬᠤᠸᠠ ᠮᠦ ᠭᠧᠦ ᠬᠦᠷᠬᠦ᠂ G331 ᠬᠦᠷᠢᠶᠡᠲᠦ - ᠵᠠᠯᠠᠨ ᠨᠠᠭᠤᠷ ᠬᠦᠷᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 800 ᠺᠢᠯᠣᠮᠧᠲᠷ ᠪᠦᠬᠦᠢ ᠤᠯᠤᠰ ᠤᠨ ᠪᠠ ᠮᠤᠵᠢ  ᠶᠢᠨ ᠭᠤᠣᠯ ᠱᠤᠭᠤᠮ ᠤᠨ ᠵᠢᠭᠤᠯᠴᠢᠯᠠᠯ ᠤᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ︽ᠬᠤᠷᠳᠤᠨ ᠠᠶᠠᠯᠠᠬᠤ︾ ᠵᠠᠮ ᠬᠠᠷᠢᠯᠴᠠᠭᠠᠨ ᠤ ᠲᠣᠣᠷ ᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠨᠡᠪᠲᠡᠷᠡᠬᠦ ᠴᠢᠨᠠᠷ᠂ ᠳᠥᠭᠦᠮ ᠳᠥᠲᠡ ᠴᠢᠨᠠᠷ ᠪᠠ ᠲᠠᠭᠠᠯᠠᠮᠵᠢᠲᠤ ᠴᠢᠨᠠᠷ ᠢ ᠳᠡᠭᠡᠭᠰᠢᠯᠡᠭᠦᠯᠤᠨ᠎ᠠ᠃ 700 ᠺᠢᠯᠣᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ 40 ᠦᠵᠡᠮᠵᠢ ᠶᠢᠨ ᠣᠷᠣᠨ ᠦᠵᠡᠮᠵᠢ ᠶᠢᠨ ᠴᠡᠭ ᠤᠨ ᠣᠶᠢᠷ᠎ᠠ ᠬᠠᠪᠢ ᠶᠢᠨ ᠵᠠᠰᠠᠮᠠᠯ ᠵᠠᠮ ᠤᠨ ᠳᠡᠰ ᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ 3A ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠬᠦ ᠬᠠᠷᠢᠴᠠᠯ ᠢ 97% ᠳᠤ ᠬᠦᠷᠭᠡᠵᠦ᠂ ︽ᠠᠯᠭᠤᠷ ᠵᠢᠭᠤᠯᠴᠢᠯᠠᠬᠤ︾ ᠵᠠᠮ ᠬᠠᠷᠢᠯᠴᠠᠭᠠᠨ ᠤ ᠲᠣᠣᠷ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠥᠭᠦᠮ ᠳᠥᠲᠡ ᠥᠨᠳᠥᠷ ᠪᠦᠲᠦᠮᠵᠢᠲᠡᠶ ᠵᠢᠭᠤᠯᠴᠢᠯᠠᠯ ᠤᠨ ᠱᠤᠭᠤᠮ ᠢ ᠪᠦᠷᠢᠯᠳᠦᠭᠦᠯᠬᠦ ᠪᠠᠷ ᠪᠤᠢ᠃    ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ︾ ᠶᠢᠨ ᠲᠣᠭᠤᠷᠢᠨ ᠳᠤ ᠮᠠᠨ ᠤ ᠣᠷᠣᠨ ᠬᠠᠲᠤᠨ ᠭᠤᠣᠯ ᠤᠨ ᠰᠣᠶᠣᠯ ᠤᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ᠬᠡᠪᠲᠡᠭᠡ ᠦᠬᠡᠷ ᠤᠨ ᠲᠣᠬᠤᠢ ᠶᠢᠨ ᠦᠵᠡᠮᠵᠢ ᠶᠢᠨ ᠵᠠᠮ᠂ ᠤᠯᠠᠭᠠᠨᠰᠤᠬᠠᠢ ᠶᠢᠨ ᠲᠣᠭᠤᠷᠢᠯ ᠵᠠᠮ᠂ ᠦᠬᠠᠢ ᠨᠠᠭᠤᠷ ᠢ ᠲᠣᠭᠤᠷᠢᠭᠰᠠᠨ ᠵᠢᠭᠤᠯᠴᠢᠯᠠᠯ ᠤᠨ ᠵᠠᠮ ᠵᠡᠷᠭᠡ 3 ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠤᠶ᠃ ᠡᠭᠦᠨ ᠠᠴᠠ ᠭᠠᠳᠠᠨ᠎ᠠ ᠬᠥᠯᠥᠨ ᠪᠤᠶᠢᠷ - ᠬᠢᠩᠭᠠᠨ ᠠᠶᠢᠮᠠᠭ ᠤᠨ ᠣᠷᠣᠨ ᠪᠦᠰᠡ ᠶᠢᠨ ᠳᠠᠪᠠᠭᠤᠯᠢᠭ ᠢ ᠲᠣᠪᠤᠶᠢᠯᠭᠠᠨ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠳᠡᠯᠭᠡᠨ ᠦᠵᠡᠭᠦᠯᠵᠦ᠂ G331 ᠬᠢᠯᠢ ᠶᠢᠨ ᠦᠵᠡᠮᠵᠢ ᠶᠢᠨ ᠣᠷᠣᠨ᠂ ᠶᠡᠭᠡ ᠬᠢᠩᠭᠠᠨ ᠳᠠᠪᠠᠭ᠎ᠠ ᠶᠢᠨ ᠦᠵᠡᠮᠵᠢ  ᠶᠢᠨ ᠣᠷᠣᠨ ᠵᠡᠷᠭᠡ 2 ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠲᠠᠯ᠎ᠠ ᠨᠤᠲᠤᠭ᠂ ᠡᠯᠡᠰᠦᠨ ᠴᠥᠯ ᠵᠡᠷᠭᠡ ᠵᠢᠭᠤᠯᠴᠢᠯᠠᠯ ᠤᠨ ᠡᠬᠢ ᠪᠠᠶᠠᠯᠢᠭ ᠪᠠ ᠦᠵᠡᠮᠵᠢ ᠶᠢᠨ ᠣᠨᠴᠠᠯᠢᠭ ᠲᠤ ᠲᠦᠰᠢᠭᠯᠡᠨ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠵᠠᠮ ᠱᠤᠭᠤᠮ ᠢ ᠪᠦᠲᠦᠭᠡᠨ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ 99 ᠨᠣᠮᠧᠷᠲᠤ ᠵᠠᠰᠠᠮᠠᠯ ᠵᠠᠮ᠂ ᠲᠡᠭᠷᠢ ᠡᠯᠡᠰᠦᠨ ᠤ ᠬᠡᠭᠡᠷᠡᠯᠡᠨ ᠠᠶᠠᠯᠠᠬᠤ ᠵᠠᠰᠠᠮᠠᠯ ᠵᠠᠮ᠂ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠶᠡᠭᠡ ᠵᠠᠮ᠂ ᠡᠮᠡᠭᠡᠯ ᠠᠭᠤᠯᠠ ᠶᠢ ᠲᠣᠭᠤᠷᠢᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠰᠠᠮᠠᠯ ᠵᠠᠮ ᠵᠡᠷᠭᠡ 4 ᠲᠥᠷᠥᠯ ᠵᠦᠢᠯ ᠢ ᠪᠦᠲᠦᠭᠡᠨ ᠪᠠᠶᠢᠭᠤᠯᠬᠤ ᠪᠣᠯᠣᠨ᠎ᠠ᠃    ᠮᠠᠨ ᠤ ᠣᠷᠣᠨ ᠦᠢᠯᠡᠴᠢᠯᠡᠭᠡᠨ ᠤ ᠲᠣᠭᠤᠷᠢᠭ ᠤᠨ ᠵᠢᠭᠤᠯᠴᠢᠯᠠᠯ ᠤᠨ ᠴᠢᠳᠠᠮᠵᠢ ᠶᠢ ᠳᠡᠭᠡᠭᠰᠢᠯᠡᠭᠦᠯᠭᠦ ᠲᠣᠭᠤᠷᠢᠨ ᠳᠤ ᠪᠦᠷᠢᠶ᠎ᠡ ᠮᠠᠩᠬ᠎ᠠ᠂ ᠪᠠᠶᠠᠨᠨᠠᠭᠤᠷ ᠤᠨ ᠨᠡᠭᠡᠭᠡᠯᠲᠡᠲᠤ ᠮᠠᠶ᠋ᠢᠭ ᠤᠨ ᠦᠢᠯᠡᠴᠢᠯᠡᠭᠡᠨ ᠤ ᠲᠣᠭᠤᠷᠢᠭ ᠢ ᠲᠤᠷᠰᠢᠨ ᠪᠠᠶᠢᠭᠤᠯᠵᠤ᠂ ᠪᠦᠷᠢᠶ᠎ᠡ ᠮᠠᠩᠬ᠎ᠠ ᠬᠥᠪᠴᠢ ᠶᠢᠨ ᠡᠯᠡᠰᠦᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠠᠢ ᠬᠠᠮᠲᠤ ᠨᠡᠭᠡᠭᠡᠨ ᠬᠥᠭᠵᠢᠭᠦᠯᠵᠦ᠂ ᠵᠤᠭ᠎ᠠ ᠰᠡᠯᠡᠭᠦᠴᠡᠯ᠂ ᠰᠤᠳᠤᠯᠤᠨ ᠰᠤᠷᠤᠯᠴᠠᠬᠤ᠂ ᠭᠡᠷ ᠤᠨ ᠭᠠᠳᠠᠨᠠᠬᠢ ᠬᠥᠳᠡᠯᠭᠡᠭᠡᠨ ᠵᠡᠷᠭᠡ ᠡᠵᠡᠩᠨᠡᠯᠲᠡ ᠶᠢᠨ ᠭᠡᠯᠪᠡᠷᠢ ᠶᠢ ᠥᠷᠭᠡᠳᠬᠡᠨ᠂ ᠦᠢᠯᠡᠴᠢᠯᠡᠭᠡᠨ ᠤ ᠲᠣᠭᠤᠷᠢᠭ ᠢ ︽ᠵᠣᠷᠢᠨ ᠬᠦᠷᠴᠦ ᠰᠡᠯᠡᠭᠦᠴᠡᠬᠦ ᠭᠠᠵᠠᠷ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠪᠣᠯᠣᠨ᠎ᠠ᠃     ᠡᠭᠦᠨ ᠠᠴᠠ ᠭᠠᠳᠠᠨ᠎ᠠ ᠮᠠᠨ ᠤ ᠣᠷᠣᠨ ᠪᠠᠰᠠ ᠲᠡᠮᠦᠷ ᠵᠠᠮ ᠤᠨ ᠰᠠᠯᠠᠭ᠎ᠠ ᠮᠥᠴᠢᠷ ᠤᠨ ᠮᠥᠰᠥ ᠴᠠᠰᠤᠨ ᠤ ᠵᠢᠭᠤᠯᠴᠢᠯᠠᠯ᠂ ᠲᠠᠯ᠎ᠠ ᠨᠤᠲᠤᠭ ᠣᠶ ᠰᠢᠭᠤᠢ ᠶᠢᠨ ᠵᠢᠭᠤᠯᠴᠢᠯᠠᠯ ᠵᠡᠷᠭᠡ ᠣᠨᠴᠠᠯᠢᠭᠲᠤ ᠲᠤᠰᠬᠠᠢ ᠭᠠᠯᠲᠤ ᠲᠡᠷᠭᠡ ᠨᠡᠮᠡᠵᠦ ᠨᠡᠪᠲᠡᠷᠡᠭᠦᠯᠬᠦ ᠶᠢ ᠵᠣᠷᠢᠭᠵᠢᠭᠤᠯᠵᠤ᠂ ᠠᠶᠠᠨᠴᠢᠳ ᠤᠨ ᠭᠤᠣᠯ ᠢᠷᠡᠯᠲᠡ  ᠶᠢᠨ ᠣᠷᠣᠨ ᠠᠴᠠ ᠷᠠᠰᠢᠶᠠᠨ᠂ ᠬᠠᠶᠢᠯᠠᠷ᠂ ᠠᠯᠠᠱᠠ᠂ ᠰᠢᠯᠢᠩᠬᠤᠲᠠ ᠵᠡᠷᠭᠡ ᠵᠢᠭᠤᠯᠴᠢᠯᠠᠯ ᠤᠨ ᠬᠤᠲᠠ ︵ᠭᠠᠵᠠᠷ ᠣᠷᠣᠨ︶ ᠳᠤ ᠰᠢᠭᠤᠳ ᠬᠦᠷᠬᠦ ᠨᠢᠰᠬᠡᠯ ᠢ ᠵᠣᠬᠢᠴᠠᠭᠤᠯᠤᠨ ᠨᠡᠮᠡᠭᠳᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠬᠠᠢ ᠶᠢᠨ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠲᠣᠬᠢᠷᠠᠭᠤᠯᠤᠨ︽ᠣᠶᠢᠷ᠎ᠠ ᠣᠭᠲᠠᠷᠭᠤᠢ + ᠵᠢᠭᠤᠯᠴᠢᠯᠠᠯ︾ ᠤᠨ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠬᠦ ᠶᠢ ᠳᠡᠮᠵᠢᠨ᠎ᠡ᠃ ᠭᠦᠭᠡᠬᠤᠲᠠ᠂ ᠣᠷᠳᠣᠰ᠂ ᠬᠥᠯᠥᠨ ᠪᠤᠶᠢᠷ ᠵᠡᠷᠭᠡ ᠭᠠᠵᠠᠷ ᠤᠨ ᠠᠶᠠᠨᠴᠢᠳ ᠤᠨ ᠵᠥᠭᠡᠭᠡᠪᠦᠷᠢ ᠶᠢᠨ ᠬᠦᠢᠰᠦ ᠶᠢᠨ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠠᠶᠠᠨᠴᠢᠳ ᠤᠨ ᠵᠥᠭᠡᠭᠡᠪᠦᠷᠢ ᠶᠢᠨ ᠬᠦᠢᠰᠦ ᠠᠴᠠ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶ ᠳᠤ ᠬᠦᠷᠬᠦ ᠵᠢᠭᠤᠯᠴᠢᠯᠠᠯ  ᠤᠨ ᠠᠶᠠᠨᠴᠢᠳ ᠤᠨ ᠵᠥᠭᠡᠭᠡᠪᠦᠷᠢ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠡᠮᠡᠭᠳᠡᠭᠦᠯᠵᠦ᠂ ᠦᠵᠡᠮᠵᠢ ᠶᠢᠨ ᠣᠷᠣᠨ ︵ᠴᠡᠭ ︶ ᠳᠤ ᠰᠢᠭᠤᠳ ᠬᠦᠷᠬᠦ ᠵᠠᠬᠢᠶᠠᠯᠠᠭ᠎ᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠶᠡᠭᠡ ᠪᠠᠷ ᠬᠥᠭᠵᠢᠭᠦᠯᠦᠨ᠂ ᠵᠠᠬᠢᠶᠠᠯᠠᠭ᠎ᠠ ᠶᠢᠨ ᠠᠶᠠᠨᠴᠢᠳ ᠤᠨ ᠵᠥᠭᠡᠭᠡᠪᠦᠷᠢ  ᠶᠢ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠪᠠᠷ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ