ᠭᠦᠭᠡᠬᠤᠲᠠ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢ ᠢᠯᠡ ᠨᠡᠶᠢᠲᠡᠯᠡᠬᠦ ᠨᠣᠷᠮ᠎ᠠ ᠶᠢ 100% ᠳᠤ ᠬᠦᠷᠭᠡᠵᠡᠢ
ᠨᠡᠶᠢᠲᠡᠯᠡᠭᠰᠡᠨ ᠴᠠᠭ᠄
2025/4/29
     ᠲᠦᠷᠦᠭᠦᠬᠡᠨ᠂ ᠭᠦᠭᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ 2025 ᠣᠨ ᠤ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠠᠭᠤᠷᠬᠠᠢ ᠬᠠᠶᠢᠬᠤ ᠡᠷᠬᠡ ᠪᠠ ᠠᠭᠤᠷᠬᠠᠢ ᠮᠠᠯᠲᠠᠬᠤ ᠡᠷᠬᠡ ᠶᠢ ᠢᠯᠡ ᠨᠡᠶᠢᠲᠡᠯᠡᠬᠦ ᠨᠣᠷᠮ᠎ᠠ ᠶᠢ 100% ᠳᠤ ᠬᠦᠷᠭᠡᠬᠦ ᠬᠠᠷᠠᠯᠲᠠ ᠶᠢ ᠪᠡᠶᠡᠯᠡᠭᠦᠯᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠢᠯᠡ ᠨᠡᠶᠢᠲᠡᠯᠡᠬᠦ ᠠᠵᠢᠯ ᠪᠦᠭᠦ ᠬᠤᠲᠠ ᠶᠢᠨ ᠠᠭᠤᠷᠬᠠᠢ ᠳᠤ ᠬᠤᠯᠪᠣᠭᠳᠠᠬᠤ ᠬᠤᠰᠢᠭᠤ ᠰᠢᠶᠠᠨ ᠲᠣᠭᠤᠷᠢᠭ ᠢ ᠪᠦᠭᠦᠨ ᠢ ᠬᠠᠮᠤᠷᠴᠤ᠂ ︽ᠭᠤᠷᠪᠠᠨ ᠠᠯᠬᠤᠮ ᠢᠶᠠᠷ ᠶᠠᠪᠤᠬᠤ︾ ᠠᠷᠭ᠎ᠠ ᠪᠣᠳᠣᠯᠭ᠎ᠠ ᠪᠠᠷ ᠳᠠᠮᠵᠢᠭᠤᠯᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠠᠰᠤ ᠴᠢᠨᠠᠷ ᠢ ᠦᠨᠡᠨ ᠬᠦ ᠪᠠᠲᠤᠯᠠᠪᠠ᠃ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠳᠣᠲᠣᠷᠠᠬᠢ ᠢᠯᠡ ᠨᠡᠶᠢᠲᠡᠯᠡᠬᠦ ᠶᠣᠰᠣᠲᠠᠢ ᠠᠭᠤᠷᠬᠠᠢ ᠶᠢᠨ ᠦᠢᠯᠡᠰ ᠤᠨ ᠡᠷᠬᠡ ᠶᠢ ᠪᠦᠭᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠬᠥᠳᠡᠯᠦᠩᠭᠦᠢ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠤᠨ᠂ ᠢᠯᠡ ᠨᠡᠶᠢᠲᠡᠯᠡᠬᠦ ᠡᠲᠡᠭᠡᠳ ᠤᠨ ︽ᠢᠯᠡ ᠨᠡᠶᠢᠲᠡᠯᠡᠪᠡᠰᠦ ᠵᠣᠬᠢᠬᠤ ᠶᠢ ᠨᠢ ᠴᠥᠮ ᠢᠯᠡ ᠨᠡᠶᠢᠲᠡᠯᠡᠬᠦ︾ ᠶᠢ ᠦᠨᠡᠨ ᠬᠦ ᠪᠠᠲᠤᠯᠠᠪᠠ︔ ᠰᠦᠯᠵᠢᠶᠡᠨ ᠳᠡᠭᠡᠷᠡᠬᠢ ᠪᠣᠯᠪᠠᠰᠤᠷᠠᠯ᠂ ᠲᠤᠬᠠᠢ ᠶᠢᠨ ᠲᠠᠯᠠᠪᠠᠶ ᠶᠢᠨ ᠵᠢᠯᠣᠭᠤᠳᠤᠯᠭ᠎ᠠ᠂ ᠤᠲᠠᠰᠤ ᠪᠠᠷ ᠮᠠᠳᠠᠭ ᠲᠠᠢ ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠠᠭᠤᠷᠬᠠᠢ ᠶᠢᠨ ᠦᠢᠯᠡᠰ ᠤᠨ ᠡᠷᠬᠡᠲᠦ ᠬᠥᠮᠥᠨ ᠤ ᠢᠯᠡ ᠨᠡᠶᠢᠲᠡᠯᠡᠬᠦ ᠠᠵᠢᠯ ᠢ ᠥᠷᠨᠢᠭᠦᠯᠬᠦ ᠳᠤ ᠲᠠᠭᠯᠠᠨ ᠮᠡᠳᠡᠭᠦᠯᠬᠦ ᠲᠤᠰᠬᠠᠢ ᠵᠦᠢᠯ ᠤᠨ ᠬᠠᠪᠰᠤᠷᠤᠨ ᠵᠢᠯᠣᠭᠤᠳᠤᠯᠭ᠎ᠠ ᠥᠷᠨᠢᠭᠦᠯᠵᠦ᠂ ᠰᠢᠰᠲ᠋ᠧᠮ ᠤᠨ ᠠᠵᠢᠯᠯᠠᠭᠠᠨ ᠤ ᠳᠡᠰ ᠳᠠᠷᠠᠭᠠᠯᠠᠯ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠲᠠᠭᠯᠠᠨ ᠮᠡᠳᠡᠭᠦᠯᠬᠦ ᠠᠭᠤᠯᠭ᠎ᠠ ᠶᠢ ᠵᠢᠷᠤᠮᠵᠢᠭᠤᠯᠵᠠᠢ︔ ᠪᠠᠶᠢᠭᠠᠯᠢ  ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠷᠢᠭᠤᠴᠠᠨ ᠲᠠᠭᠯᠠᠨ ᠮᠡᠳᠡᠭᠦᠯᠬᠦ ᠠᠭᠤᠯᠭ᠎ᠠ ᠳᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶ᠎ᠠ ᠪᠦᠬᠦᠢ ᠦᠨᠳᠦᠰᠦᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠨᠢ ᠲᠠᠭᠯᠠᠨ ᠮᠡᠳᠡᠭᠦᠯᠵᠦ᠂ ᠢᠯᠡ ᠨᠡᠶᠢᠲᠡᠯᠡᠬᠦ ᠠᠭᠤᠯᠭ᠎ᠠ ᠨᠢ ᠪᠦᠭᠦ ᠲᠠᠯ᠎ᠠ ᠶᠢᠨ ᠦᠨᠡᠨ ᠪᠣᠳᠠᠲᠠᠢ᠂ ᠯᠣᠭᠢᠭ ᠲᠣᠳᠣᠷᠬᠠᠢ᠂ ᠲᠤᠭ᠎ᠠ ᠪᠠᠷᠢᠮᠲᠠ  ᠨᠢ ᠣᠨᠣᠪᠴᠢᠲᠠᠶ ᠪᠠᠶᠢᠬᠤ ᠶᠢ ᠪᠡᠶᠡᠯᠡᠭᠦᠯᠪᠡ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ