ᠮᠠᠨ ᠤ ᠣᠷᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠲᠤᠬᠠᠢ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠰᠢᠰᠲ᠋ᠧᠮ ᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/4/29
       ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠲᠤᠬᠠᠢ ᠭᠠᠷᠳᠠᠮ ᠢ ᠭᠦᠢᠴᠡᠳᠬᠡᠬᠦ ᠳᠤ ᠣᠯᠠᠨ ᠲᠠᠯ᠎ᠠ ᠠᠴᠠ ᠭᠤᠶᠤᠴᠢᠯᠠᠬᠤ᠂ ᠣᠯᠠᠨ ᠤᠳᠠᠭ᠎ᠠ ᠭᠦᠶᠦᠬᠦ᠂ ᠵᠠᠷᠤᠴᠠᠭᠤᠯᠬᠤ ᠴᠠᠭ ᠬᠤᠭᠤᠴᠠᠭ᠎ᠠ ᠤᠷᠲᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠬᠠᠮᠲᠤᠷᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠲᠤᠬᠠᠢ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠰᠢᠰᠲ᠋ᠧᠮ ᠢ ᠡᠬᠢᠯᠡᠨ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠲᠤᠬᠠᠢ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠶᠢ ᠪᠦᠭᠦ ᠲᠠᠯ᠎ᠠ ᠪᠠᠷ ᠠᠬᠢᠭᠤᠯᠪᠠ᠃     ᠣᠶᠢᠯᠠᠭᠠᠭᠰᠠᠨ ᠢᠶᠠᠷ᠂ ᠥᠭᠡᠷᠡᠴᠢᠯᠡᠯᠲᠡ ᠬᠢᠬᠦ ᠠᠴᠠ ᠡᠮᠦᠨ᠎ᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠩᠰᠠᠨ ᠠᠴᠠ ᠬᠠᠰᠤᠬᠤ ᠪᠠ ᠠᠵᠤ ᠠᠬᠤᠶᠢᠯᠠᠯ ᠢ ᠳᠠᠩᠰᠠᠯᠠᠬᠤ ᠬᠤᠶᠠᠷ ᠵᠦᠢᠯ ᠤᠨ ᠲᠤᠬᠠᠶᠢᠯᠠᠭᠰᠠᠨ ᠠᠵᠢᠯ ᠤᠨ ᠭᠠᠷᠳᠠᠮ ᠢ ᠭᠦᠢᠴᠡᠳᠬᠡᠬᠦ ᠴᠢᠬᠤᠯᠠᠲᠠᠢ ᠪᠠᠶᠢᠵᠤ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠲᠠᠩᠰᠠᠨ ᠡᠷᠦᠭᠡ ᠪᠠᠶᠢᠭᠤᠯᠬᠤ ᠪᠠᠩᠬᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡᠴᠢ ᠳᠤ ᠲᠤᠰ ᠲᠤᠰ ᠭᠤᠶᠤᠴᠢᠯᠠᠯ ᠳᠡᠪᠰᠢᠭᠦᠯᠬᠦ ᠴᠢᠬᠤᠯᠠᠲᠠᠢ ᠪᠠᠶᠢᠵᠤ᠂ ᠲᠤᠰᠢᠶᠠᠬᠤ ᠴᠢᠬᠤᠯᠠᠲᠠᠢ ᠮᠠᠲ᠋ᠧᠷᠢᠶᠠᠯ ᠤᠯᠠᠨ᠂ ᠬᠡᠷᠡᠭᠰᠡᠬᠦ ᠴᠠᠭ ᠬᠤᠭᠤᠴᠠᠭ᠎ᠠ ᠤᠷᠲᠤ ᠮᠥᠷᠲᠡᠭᠡᠨ ᠪᠠᠶᠢᠭᠤᠯᠤᠭᠳᠠᠭᠰᠠᠨ ᠴᠠᠭ ᠬᠤᠭᠤᠴᠠᠭ᠎ᠠ᠂ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠵᠡᠷᠭᠡ ᠡᠵᠡᠩᠨᠡᠯᠲᠡ ᠶᠢᠨ ᠦᠷᠭᠦᠯᠵᠢᠯᠡᠬᠦ ᠴᠢᠨᠠᠷ ᠢ ᠢᠯᠡᠷᠡᠭᠦᠯᠦᠭᠰᠡᠨ ᠵᠠᠩᠭᠢᠯᠠᠭ᠎ᠠ ᠶᠢᠨ ᠮᠡᠳᠡᠭᠡ ᠵᠠᠩᠭᠢ ᠶᠢ ᠦᠯᠡᠳᠡᠭᠡᠵᠦ ᠳᠡᠶᠢᠯᠭᠦ ᠦᠭᠡᠢ ᠵᠡᠷᠭᠡ ᠠᠰᠠᠭᠤᠳᠠᠯ ᠠᠴᠠ ᠪᠣᠯᠵᠤ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ  ᠳᠤ ᠳᠥᠭᠦᠮ ᠦᠭᠡᠢ ᠪᠠᠶᠢᠳᠠᠯ ᠣᠷᠣᠰᠢᠵᠤ ᠪᠠᠶᠢᠵᠠᠢ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠭᠤᠶᠤᠴᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠢᠩᠬᠢᠮ︾ ᠪᠤᠶᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠥᠨᠳᠥᠷ ᠪᠦᠲᠦᠮᠵᠢᠲᠡᠢ  ᠪᠠᠷ ᠨᠢᠭᠡ ᠶᠠᠪᠤᠳᠠᠯ ᠢ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ᠂ ᠭᠠᠶᠢᠯᠢ ᠢᠯᠭᠠᠷᠠᠭᠤᠯᠬᠤ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠶᠢ ᠳᠡᠩᠰᠡᠯᠡᠨ ᠲᠡᠮᠳᠡᠭᠯᠡᠬᠦ᠂ ᠠᠵᠤ ᠠᠬᠤᠶᠢᠯᠠᠯ ᠤᠨ ᠲᠠᠮᠠᠭ᠎ᠠ ᠰᠡᠶᠢᠯᠦᠨ ᠵᠣᠬᠢᠶᠠᠬᠤ᠂ ᠦᠨᠳᠦᠰᠦᠨ ᠲᠠᠩᠰᠠᠨ ᠡᠷᠦᠭᠡ ᠨᠡᠭᠡᠭᠡᠬᠦ ᠪᠤᠶᠤ ᠲᠠᠩᠰᠠᠨ ᠡᠷᠦᠭᠡ ᠶᠢᠨ ᠮᠡᠳᠡᠭᠡ ᠵᠠᠩᠭᠢ ᠶᠢ ᠬᠤᠪᠢᠷᠠᠭᠤᠯᠬᠤ ᠪᠠᠷ ᠤᠷᠢᠳᠴᠢᠯᠠᠨ ᠪᠣᠯᠵᠣᠬᠤ᠂ ᠨᠡᠶᠢᠭᠡᠮ ᠤᠨ ᠳᠠᠭᠠᠳᠬᠠᠯ ᠢ ᠳᠡᠩᠰᠡᠯᠡᠨ ᠲᠡᠮᠳᠡᠭᠯᠡᠬᠦ ᠪᠤᠶᠤ ᠳᠠᠭᠠᠳᠬᠠᠯ ᠳᠤ ᠣᠷᠤᠯᠴᠠᠬᠤ ᠮᠡᠳᠡᠭᠡ ᠵᠠᠩᠭᠢ  ᠶᠢ ᠬᠤᠪᠢᠷᠠᠭᠤᠯᠬᠤ᠂ ᠠᠵᠤ ᠠᠬᠤᠶᠢᠯᠠᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠰᠠᠭᠤᠷᠢ ᠮᠥᠩᠭᠦ ᠶᠢ ᠲᠤᠰᠢᠶᠠᠨ ᠬᠠᠳᠠᠭᠠᠯᠠᠭᠤᠯᠬᠤ ᠶᠢ ᠳᠠᠩᠰᠠᠯᠠᠭᠤᠯᠬᠤ ᠪᠤᠶᠤ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ 6 ᠵᠦᠢᠯ ᠤᠨ ᠲᠤᠬᠠᠶᠢᠯᠠᠭᠰᠠᠨ ᠠᠵᠢᠯ ᠢ ᠨᠢᠭᠡ ᠯᠡ ᠤᠳᠠᠭ᠎ᠠ  ᠳᠤ ᠭᠦᠢᠴᠡᠳᠬᠡᠬᠦ ᠶᠢ ᠪᠡᠶᠡᠯᠡᠭᠦᠯᠬᠦ ᠪᠣᠯᠪᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠳᠤ ᠰᠢᠭᠤᠳ ᠬᠤᠪᠢᠷᠠᠭᠤᠯᠤᠨ ᠳᠠᠩᠰᠠᠯᠠᠬᠤ ᠪᠠᠷ ᠳᠠᠮᠵᠢᠭᠤᠯᠤᠨ ᠤᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠪᠠᠶᠢᠭᠤᠯᠤᠭᠳᠠᠭᠰᠠᠨ ᠡᠳᠦᠷ ᠬᠤᠭᠤᠴᠠᠭ᠎ᠠ᠂ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠦᠯᠡᠳᠡᠭᠡᠵᠦ᠂ ᠪᠦᠭᠦ ᠶᠠᠪᠤᠴᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ ᠢ ᠥᠭᠡᠷᠡᠴᠢᠯᠡᠯᠲᠡ ᠠᠴᠠ ᠡᠮᠦᠨᠡᠬᠢ 35 ᠵᠦᠢᠯ ᠠᠴᠠ ᠬᠠᠮᠤᠭ ᠤᠨ ᠣᠯᠠᠨ ᠳᠠᠭᠠᠨ 21 ᠵᠦᠢᠯ ᠪᠣᠯᠭᠠᠨ ᠪᠠᠭᠠᠰᠬᠠᠵᠤ᠂ ᠭᠦᠢᠴᠡᠳᠬᠡᠬᠦ ᠳᠤ ᠬᠡᠷᠡᠭᠰᠡᠬᠦ ᠴᠠᠭ ᠬᠤᠭᠤᠴᠠᠭ᠎ᠠ ᠶᠢ ᠥᠭᠡᠷᠡᠴᠢᠯᠡᠯᠲᠡ ᠠᠴᠠ ᠡᠮᠦᠨᠡᠬᠢ 12 ᠠᠵᠢᠯ ᠤᠨ ᠡᠳᠦᠷ ᠠᠴᠠ ᠬᠠᠮᠤᠭ ᠤᠨ ᠣᠯᠠᠨ ᠳᠠᠭᠠᠨ 5 ᠠᠵᠢᠯ ᠤᠨ ᠡᠳᠦᠷ ᠪᠤᠯᠭᠠᠵᠤ᠂ ᠭᠦᠶᠦᠬᠦ ᠤᠳᠠᠭ᠎ᠠ ᠶᠢ ᠥᠭᠡᠷᠡᠴᠢᠯᠡᠯᠲᠡ ᠠᠴᠠ ᠡᠮᠦᠨᠡᠬᠢ 6 ᠤᠳᠠᠭ᠎ᠠ ᠪᠠᠶᠢᠭᠰᠠᠨ ᠠᠴᠠ ᠬᠠᠮᠤᠭ ᠤᠨ ᠣᠯᠠᠨ ᠳᠠᠭᠠᠨ 1 ᠤᠳᠠᠭ᠎ᠠ ᠪᠣᠯᠭᠠᠨ ᠪᠠᠭᠠᠰᠬᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ