ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ | 4 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠦᠸᠧᠷᠮᠦ᠋ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ ᠲᠤᠮᠤ ᠤᠯᠤᠰ ᠮᠥᠨ᠂ ︽ | ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠪᠦᠷᠢᠯᠳᠦᠬᠦᠨ ᠮᠦᠨ ᠪᠠᠶᠢᠵᠤ᠂ ᠪᠦᠷ ᠲᠤᠰ ᠲᠤᠰ ᠤᠨ ᠢᠶᠠᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ | ᠪᠦᠲᠦᠮᠵᠢ ᠣᠯᠬᠤ ᠬᠠᠨᠢᠲᠠᠨ ᠪᠤᠯᠵᠤ᠂ ︽ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ | ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠭᠡᠳᠡᠭ ᠢ ᠳᠤᠮᠳᠠᠳᠤ | ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ | ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ | ᠵᠡᠷᠭᠡᠯᠡᠳᠡᠭᠡ ᠲᠤᠮᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ | ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ ᠲᠦᠢᠯᠵᠢᠯᠲᠡ ᠪᠣᠯᠤᠨ ᠤᠯᠠᠨ ᠤᠯᠤᠰ ᠤᠨ ᠬᠠᠷᠢᠯᠴᠠᠭᠠᠨ ᠤ | ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ | 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ | ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ | ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ | ᠰᠠᠶᠢᠲᠤᠷ ᠬᠠᠮᠠᠭᠠᠯᠠᠵᠤ᠂ ᠳᠤᠮᠳᠠᠳᠤ ᠡᠨᠡᠳᠭᠡᠭ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃ | ᠮᠦᠸᠧᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠪᠠᠶᠢᠵᠤ᠂ ᠪᠦᠬᠦ ᠪᠥᠮᠪᠥᠷᠴᠡᠭ ᠤᠨ ᠭᠤᠷᠪᠠᠨ ᠤ | ᠨᠢᠭᠡ ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠤᠯᠬᠤᠶᠢᠴᠠ ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ | ᠬᠤᠶᠠᠷ ᠤᠯᠤᠰ ᠪᠣᠯᠤᠨ ᠳᠡᠯᠡᠬᠡᠶ ᠳ᠋ᠠᠬᠢᠨ ᠳᠤ ᠠᠵᠠ ᠵᠢᠷᠭᠠᠯ ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ | 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤ ᠪᠠᠷ | ᠠᠬᠢᠭᠤᠯᠤᠶ᠎ᠠ ᠭᠡᠵᠦ ᠢᠯᠡᠳᠭᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠢ ᠰᠠᠶᠢᠳ ᠮᠦᠤᠤᠳᠢ | ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ | ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ | ᠢᠲᠡᠭᠡᠯᠴᠡᠭᠡ ᠪᠠᠨ ᠲᠠᠰᠤᠷᠠᠯᠳᠠ ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ | ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃ | ᠮᠦᠸᠧᠳᠢ᠂ ᠡᠨᠡᠳᠭᠡᠭ ᠪᠣᠯᠤᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ ᠬᠥᠮᠦᠨ ᠲᠥᠷᠥᠯᠬᠢᠲᠡᠨ ᠤ ᠲᠡᠦᠬᠡ ᠶᠢ | ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠬᠦᠨᠳᠦ | ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ | ᠠᠰᠢᠭᠲᠠᠢ ᠪᠠᠷ ᠪᠠᠷᠠᠬᠤ ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠬᠤ ᠶᠢ | ᠬᠦᠳᠦᠯᠦᠨ ᠳᠠᠭᠠᠭᠤᠯᠬᠤ ᠪᠣᠯᠤᠨ᠎ᠠ ᠭᠡᠵᠦ ᠢᠯᠡᠳᠭᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ︶ | |