ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠶᠢᠨ | ᠲᠦᠯᠦᠭᠡ᠂ ᠣᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠢᠭᠡᠳ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠬᠠᠮᠲᠣᠷᠠᠨ ᠰᠦᠯᠵᠢᠶᠡᠨ ᠲᠠᠪᠴᠠᠩ ᠢᠶᠠᠷ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠪᠰᠤᠷᠤᠨ ᠰᠢᠢᠳᠪᠦᠷᠢᠯᠡᠵᠦ ᠪᠠᠶᠢᠨ᠎ᠠ᠃ | 2025 ᠣᠨ ᠤ 3 ᠰᠠᠷ᠎ᠠ ᠠᠴᠠ ᠨᠠᠰᠢ᠂ ᠲᠣᠰ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠸᠢᠴᠠᠲ ᠤᠨ ᠨᠡᠶᠢᠲᠡ ᠶᠢᠨ ᠳ᠋ᠤᠭᠠᠷ ᠲᠤ ︽ | ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ︾ ᠮᠡᠳᠡᠭᠡ ᠵᠠᠩᠭᠢ ᠶᠢ ᠭᠠᠷᠠᠭ ᠪᠦᠷᠢ ᠬᠤᠶᠠᠷ ᠤᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ | ᠪᠠᠶᠢᠨ᠎ᠠ᠃ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠣᠯᠠᠨ ᠲᠦᠮᠡᠨ ᠤ ᠳᠡᠷᠭᠡᠳᠡ ᠬᠦᠷᠭᠡᠬᠦ ᠶᠢᠨ ᠲᠥᠯᠥᠭᠡ᠂ ᠲᠣᠰ ᠬᠤᠰᠢᠭᠤᠨ ᠤ ᠬᠠᠮ | ᠵᠠᠭᠤᠴᠢᠯᠠᠭᠤᠷ ᠤᠨ ᠲᠥᠪ ᠪᠣᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠠᠮᠲᠤᠷᠠᠨ ︽ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ︿ᠪᠢᠳᠡ ᠲᠠᠨ ᠢ ᠬᠠᠪᠰᠤᠷᠤᠨ ᠠᠵᠢᠯ ᠡᠷᠢᠬᠦ﹀︾ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ | ᠥᠷᠨᠢᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠᠷ ᠥᠨᠳᠥᠷ ᠪᠣᠯᠬᠤ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠠᠵᠢᠯᠴᠢᠨ | ᠬᠡᠷᠡᠭᠯᠡᠬᠦ ᠮᠡᠳᠡᠭᠡ ᠵᠠᠩᠭᠢ ᠶᠢ ᠲᠠᠨᠢᠯᠴᠠᠭᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠰᠦᠯᠵᠢᠶᠡᠨ ᠠᠨᠳᠠ ᠶᠢᠨ ᠠᠰᠠᠭᠤᠯᠲᠠ ᠶᠢ ᠬᠠᠷᠢᠭᠤᠯᠵᠤ᠂ | ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠥᠨᠳᠥᠷ ᠪᠦᠲᠦᠮᠵᠢᠲᠡᠶ ᠳᠥᠭᠦᠮ ᠳᠥᠲᠡ ᠮᠡᠳᠡᠭᠡ ᠵᠠᠩᠭᠢ ᠶᠢᠨ ᠬᠠᠷᠢᠯᠴᠠᠨ | ᠨᠡᠪᠲᠡᠷᠡᠯᠴᠡᠬᠦ ᠲᠠᠪᠴᠠᠩ ᠢ ᠪᠠᠶᠢᠭᠤᠯᠵᠤ ᠦᠭᠪᠡ᠃ | ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠰᠦᠯᠵᠢᠶᠡᠨ ᠲᠠᠪᠴᠠᠩ ᠢ ᠦᠷᠭᠦᠯᠵᠢᠯᠡᠨ ᠰᠠᠶᠢᠲᠤᠷ | ᠠᠰᠢᠭᠯᠠᠬᠤ ᠶᠢᠨ ᠬᠠᠮᠲᠤ ᠪᠠᠰᠠ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠠᠵᠢᠯ ᠣᠯᠭᠤᠯᠲᠠ ᠶᠢᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠬᠦ | ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠥᠬᠦ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ | ᠳᠡᠮᠵᠢᠬᠦ ᠪᠣᠯᠤᠨ᠎ᠠ᠃ | |