ᠤᠷᠠᠳ ᠤᠨ ᠡᠮᠦᠨᠡᠲᠦ ᠬᠤᠰᠢᠭᠤᠨ ᠤ ᠮᠤᠵᠢ ᠶᠢᠨ ᠵᠠᠮ ᠤᠨ 225 ᠱᠤᠭᠤᠮ ᠪᠠ ᠮᠤᠵᠢ ᠶᠢᠨ ᠵᠠᠮ ᠤᠨ 315 ᠱᠤᠭᠤᠮ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ 6 ᠳ᠋ᠤᠭᠠᠷ ᠪᠠᠷᠢᠮᠵᠢᠶᠠᠲᠤ ᠬᠡᠰᠡᠭ ᠤᠨ ᠲᠥᠷᠥᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠥᠭᠭᠦᠭᠰᠡᠨ ᠪᠠᠶᠢᠳᠠᠯ ᠤᠨ ᠲᠤᠬᠠᠶ ᠵᠠᠷᠯᠠᠨ ᠨᠡᠶᠢᠳᠡᠯᠡᠪᠡ
ᠨᠡᠶᠢᠲᠡᠯᠡᠭᠰᠡᠨ ᠴᠠᠭ᠄
2025/4/30
     ᠥᠪᠥᠷ ᠮᠣᠩᠭᠤᠯ ᠤᠨ ᠵᠦᠩ ᠽᠦᠩ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠮᠠᠨ ᠤ ᠬᠤᠰᠢᠭᠤᠨ ᠳᠤ ᠳᠠᠭᠠᠭᠠᠨ ᠪᠠᠶᠢᠭᠤᠯᠤᠭᠰᠠᠨ ᠤᠷᠠᠳ ᠤᠨ ᠡᠮᠦᠨᠡᠲᠦ ᠬᠤᠰᠢᠭᠤᠨ ᠤ ᠮᠤᠵᠢ ᠶᠢᠨ ᠵᠠᠮ ᠤᠨ 225 ᠱᠤᠭᠤᠮ ᠪᠠ ᠮᠤᠵᠢ ᠶᠢᠨ ᠵᠠᠮ ᠤᠨ 315 ᠱᠤᠭᠤᠮ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ 6 ᠳ᠋ᠤᠭᠠᠷ ᠪᠠᠷᠢᠮᠵᠢᠶᠠᠲᠤ ᠬᠡᠰᠡᠭ ᠤᠨ ᠲᠥᠷᠥᠯ ᠵᠦᠢᠯ S315 ᠱᠤᠭᠤᠮ ᠤᠨ ᠤᠷᠠᠳ ᠤᠨ ᠡᠮᠦᠨᠡᠲᠦ ᠬᠤᠰᠢᠭᠤ ᠬᠢᠭᠡᠳ ᠪᠤᠭᠤᠲᠤ ᠬᠤᠲᠠ ᠶᠢᠨ ᠵᠠᠭᠠᠭ ᠲᠤ ᠪᠠᠶᠢᠷᠢᠯᠠᠵᠤ᠂ ᠡᠬᠢᠯᠡᠯᠲᠡ ᠶᠢᠨ ᠪᠠᠭᠠᠨ᠎ᠠ ᠨᠢ K256 970 ᠪᠠᠶᠢᠵᠤ᠂ ᠵᠠᠮ ᠱᠤᠭᠤᠮ ᠨᠢ ᠦᠨᠳᠦᠰᠦᠨ ᠳᠤ ᠪᠠᠨ ᠵᠡᠭᠦᠨ ᠠᠴᠠ ᠪᠠᠷᠠᠭᠤᠨᠰᠢ ᠨᠡᠪᠲᠡᠷᠡᠵᠦ᠂ K261᠂ 150-K264᠂ 721 ᠬᠡᠰᠡᠭ ᠨᠢ  ᠾᠧᠢ ᠯᠢᠣ ᠽᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠱᠤᠭᠤᠮ ᠤᠨ ᠡᠴᠦᠰ ᠤᠨ ᠪᠠᠭᠠᠨ᠎ᠠ ᠶᠢᠨ ᠨᠣᠮᠧᠷ ᠨᠢ K2626221 ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠥᠪᠥᠷ ᠮᠣᠩᠭᠤᠯ ᠤᠨ ᠵᠦᠩ  ᠽᠦᠩ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠵᠤ᠂ 2023 ᠣᠨ ᠤ 10 ᠰᠠᠷ᠎ᠠ ᠶᠢᠨ 20 ᠤ ᠡᠳᠦᠷ ᠠᠵᠢᠯ ᠡᠬᠢᠯᠡᠭᠦᠯᠵᠦ᠂ 2023 ᠣᠨ ᠤ 11 ᠰᠠᠷ᠎ᠠ ᠶᠢᠨ 16 ᠤ ᠡᠳᠦᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃    ᠲᠤᠰ ᠲᠥᠷᠥᠯ ᠵᠦᠢᠯ ᠤᠨ ᠪᠤᠢ ᠪᠦᠬᠦᠢ ᠪᠠᠷᠢᠯᠭ᠎ᠠ ᠶᠢᠨ ᠠᠵᠢᠯ᠂ ᠬᠦᠮᠦᠨ ᠤ ᠬᠦᠴᠦᠨ ᠤ ᠵᠠᠷᠤᠳᠠᠯ ᠢ ᠨᠢᠭᠡᠨᠲᠡ ᠲᠠᠰᠤᠯᠤᠨ ᠪᠣᠳᠣᠵᠤ  ᠳᠠᠭᠤᠰᠬᠠᠪᠠ ᠃ ᠡᠳᠦᠭᠡ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 30  ᠡᠳᠦᠷ᠂ ᠴᠠᠭ ᠨᠢ 2024 ᠣᠨ ᠤ 4 ᠰᠠᠷ᠎ᠠ ᠶᠢᠨ 30 ᠤ ᠡᠳᠦᠷ ᠠᠴᠠ 5 ᠰᠠᠷ᠎ᠠ ᠶᠢᠨ 29 ᠤ ᠡᠳᠦᠷ ᠪᠣᠯᠤᠨ᠎ᠠ᠃ ᠬᠡᠷᠪᠡ ᠴᠠᠯᠢᠩ ᠪᠤᠶᠤ ᠪᠠᠷᠢᠯᠭ᠎ᠠ ᠶᠢᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠᠶᠢᠪᠠᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ  ᠲᠣᠰᠬᠠᠭᠠᠷᠠᠢ᠃    ᠬᠠᠷᠢᠯᠴᠠᠬᠤ ᠤᠲᠠᠰᠤ᠄ 0478 - 3223555     ᠬᠠᠶ᠋ᠢᠭ᠄ ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 307 ᠲᠠᠰᠤᠭ    ᠤᠷᠠᠳ ᠤᠨ ᠡᠮᠦᠨᠡᠲᠦ  ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ                  2025 ᠣᠨ ᠤ 4 ᠰᠠᠷ᠎ᠠ ᠶᠢᠨ 30 ᠤ ᠡᠳᠦᠷ           
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ