ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ ᠤᠯᠤᠰ ᠤᠨ ᠲᠡᠷᠢᠭᠦᠯᠡᠭᠴᠢ ᠰᠢ ᠶᠢᠨ ᠫᠢᠩ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ ᠤᠯᠤᠰ ᠤᠨ ᠲᠡᠷᠢᠭᠦᠯᠡᠭᠴᠢ ᠲᠦᠩᠯᠥ᠋ᠨ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/7
     ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 2 ᠤᠨ ᠡᠳᠦᠷ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ ᠲᠦᠩᠯᠥ᠋ᠨ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠵᠤ᠂ ᠯᠠᠤᠰ ᠤᠨ ᠨᠠᠮ ᠪᠣᠯᠤᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠶᠢᠨ ᠨᠠᠰᠤ ᠪᠠᠷᠠᠭᠰᠠᠨ ᠳᠤ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠦ᠂ ᠺᠠᠨᠳᠠᠢ ᠨᠥᠬᠦᠷ ᠤᠨ ᠬᠡᠷ ᠪᠦᠯᠢ ᠶᠢᠨ ᠬᠢᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃ ᠪᠦᠬᠦ ᠠᠭᠤᠯᠭ᠎ᠠ ᠨᠢ ᠳᠣᠣᠷᠠᠬᠢ ᠮᠡᠲᠦ᠄     ᠯᠠᠤᠰ ᠤᠨ ᠨᠠᠮ ᠪᠣᠯᠤᠨ ᠤᠯᠤᠰ ᠤᠨ ᠤᠤᠯ ᠤᠨ ᠲᠡᠷᠢᠭᠦᠯᠡᠭᠴᠢ ᠺᠠᠨᠳᠠᠢ ᠨᠥᠬᠦᠷ ᠵᠣᠯ ᠪᠤᠰᠤ ᠪᠠᠷ ᠨᠠᠰᠤ ᠪᠠᠷᠠᠪᠠ᠃ ᠪᠢ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠲᠡᠷᠡᠴᠢᠯᠡᠨ ᠬᠤᠪᠢ ᠬᠥᠮᠦᠨ ᠤ ᠨᠡᠷ᠎ᠡ ᠪᠠᠷ ᠢᠶᠠᠨ ᠯᠠᠤᠰ ᠤᠨ ᠠᠷᠠᠳ ᠤᠨ ᠬᠤᠪᠢᠰᠬᠠᠯᠲᠤ ᠨᠠᠮ᠂ ᠯᠠᠤᠰ ᠤᠨ ᠵᠠᠰᠠᠭ ᠤᠨ ᠣᠷᠳᠣᠨ᠂ ᠯᠠᠤᠰ ᠤᠨ ᠠᠷᠠᠳ ᠲᠦᠮᠡᠨ ᠳᠤ ᠺᠠᠨᠳᠠᠢ ᠨᠥᠬᠦᠷ ᠤᠨ ᠨᠠᠰᠤ ᠪᠠᠷᠠᠭᠰᠠᠨ ᠳᠤ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠵᠦ᠂ ᠺᠠᠨᠳᠠᠢ ᠨᠥᠬᠦᠷ ᠤᠨ ᠭᠡᠷ ᠪᠦᠯᠢ ᠶᠢᠨ ᠬᠢᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠨ᠎ᠠ᠃    ᠺᠠᠨᠳᠠᠢ ᠨᠥᠬᠦᠷ ᠪᠣᠯ ᠡᠷᠡᠰ ᠪᠠᠲᠤ ᠡᠪ ᠬᠠᠮᠳᠤ ᠶᠤᠰᠤᠨ ᠤ ᠦᠵᠡᠯᠳᠡᠨ ᠮᠥᠨ᠂ ᠯᠠᠤᠰ ᠤᠨ ᠨᠠᠮ ᠪᠣᠯᠤᠨ ᠤᠯᠤᠰ ᠤᠨ ᠠᠬᠠᠮᠠᠳ ᠨᠢᠭᠡ ᠦᠶ᠎ᠡ ᠶᠢᠨ ᠭᠠᠷᠮᠠᠭᠠᠢ ᠤᠳᠤᠷᠢᠳᠬᠤ ᠬᠥᠮᠦᠨ ᠮᠥᠨ᠂ ᠳᠤᠮᠳᠠᠳᠤ ᠤᠯᠤᠰ ᠤᠨ ᠨᠠᠮ ᠪᠣᠯᠤᠨ ᠠᠷᠠᠳ ᠲᠦᠮᠡᠨ ᠤ ᠳᠣᠲᠣᠨᠣ ᠨᠥᠬᠦᠷ ᠪᠠ ᠨᠠᠶᠢᠵᠠ ᠮᠥᠨ᠂ ᠯᠠᠤᠰ ᠤᠨ ᠰᠢᠨᠡᠴᠢᠯᠡᠯᠲᠡ ᠶᠢᠨ ᠠᠵᠢᠯ ᠦᠢᠯᠡᠰ ᠪᠣᠯᠤᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠨᠢᠭᠡ ᠨᠠᠰᠤᠨ ᠤ ᠤᠶᠤᠨ ᠴᠢᠳᠠᠯ ᠢᠶᠠᠨ ᠡᠷᠭᠦᠵᠦ᠂ ᠳᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠠ᠃ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ᠂ ᠠᠷᠠᠳ ᠲᠦᠮᠡᠨ ᠺᠠᠨᠳᠠᠢ ᠨᠥᠬᠦᠷ ᠢ ᠡᠭᠦᠷᠢᠳᠡ ᠳᠤᠷᠠᠰᠤᠨ ᠰᠠᠨᠠᠭᠠᠯᠵᠠᠬᠤ ᠪᠤᠯᠤᠨ᠎ᠠ᠃     ᠳᠤᠮᠳᠠᠳᠤ ᠯᠠᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠬᠰᠠᠨ ᠨᠡᠶᠢᠭᠡᠮ ᠵᠢᠷᠤᠮᠳᠤ ᠬᠥᠷᠰᠢ ᠤᠯᠤᠰ᠂ ᠰᠠᠶᠢᠨ ᠵᠡᠷᠭᠡᠯᠡᠳᠡᠭᠡ᠂ ᠰᠠᠶᠢᠨ ᠨᠠᠶᠢᠵᠠ᠂ ᠰᠠᠶᠢᠨ ᠨᠥᠬᠦᠷ᠂ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠳᠤᠮᠳᠠᠳᠤ ᠯᠠᠤᠰ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠪᠠᠬᠢᠵᠢᠭᠦᠯᠦᠨ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠯᠠᠤᠰ ᠤᠨ ᠬᠢᠨ ᠲᠠᠢ ᠬᠠᠮᠲᠤ ᠪᠠᠷ ᠴᠢᠷᠮᠠᠶᠢᠵᠤ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠲᠤᠰ ᠲᠤᠰ ᠤᠨ ᠨᠡᠶᠢᠭᠡᠮ ᠵᠢᠷᠤᠮ ᠤᠨ ᠠᠵᠢᠯ ᠦᠢᠯᠡᠰ ᠤᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠶᠡᠷᠦᠩᠬᠡᠢ ᠱᠦᠵᠢ ᠲᠦᠩᠯᠥ᠋ᠨ ᠨᠥᠬᠦᠷ ᠢᠶᠠᠷ ᠲᠦᠷᠦᠭᠦᠯᠡᠭᠦᠯᠦᠭᠰᠡᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠯᠠᠤᠰ ᠤᠨ ᠨᠠᠮ ᠪᠣᠯᠤᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠲᠠᠰᠤᠷᠠᠯᠲᠠ ᠦᠭᠡᠢ ᠨᠡᠩ ᠶᠡᠭᠡ ᠰᠢᠨ᠎ᠡ ᠠᠮᠵᠢᠯᠲᠠ ᠤᠯᠬᠤ ᠶᠢ ᠬᠦᠰᠡᠨ ᠵᠥᠩᠨᠡᠵᠦ ᠪᠠᠶᠢᠨ᠎ᠠ᠃    ᠺᠠᠨᠳᠠᠶ ᠨᠥᠬᠦᠷ ᠥᠨᠢᠳᠡ ᠪᠠᠯᠠᠷᠠᠰᠢ ᠥᠬᠡᠶ︕    ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ