ᠰᠢ ᠶᠢᠨ ᠫᠢᠩ ᠪᠤᠯᠤᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠬᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠳᠤᠮᠳᠠᠳᠤ ᠤᠯᠤᠰ ᠪᠣᠯᠤᠨ ᠫᠤᠰᠨᠢᠶ᠎ᠠ ᠪᠠ ᠾᠧᠷᠽᠧᠭᠤᠸᠢᠨᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/7
     4 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠫᠤᠰᠨᠢᠶ᠎ᠠ ᠪᠠ ᠾᠧᠷᠽᠧᠭᠤᠸᠢᠨᠠ ᠶᠢᠨ ᠲᠡᠷᠢᠭᠦᠯᠡᠭᠴᠢᠳ ᠤᠨ ᠪᠦᠯᠬᠦᠮ ᠤᠨ ᠵᠢᠵᠢᠭᠦᠷ ᠲᠡᠷᠢᠭᠦᠯᠡᠭᠴᠢ ᠽᠸᠢᠶᠠᠨᠤᠸᠢᠴᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠶ ᠶᠢ ᠪᠡᠯᠭᠡᠯᠡᠪᠡ᠃     ᠰᠢ ᠶᠢᠨ ᠫᠢᠩ᠂ ᠳᠤᠮᠳᠠᠳᠤ ᠤᠯᠤᠰ ᠫᠤᠰᠨᠢᠶ᠎ᠠ ᠪᠠ ᠾᠧᠷᠽᠧᠭᠤᠸᠢᠨᠠ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠨᠳᠤᠬᠤ᠂ ᠬᠠᠷᠢᠯᠴᠠᠨ ᠬᠦᠨᠳᠦᠳᠭᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠶᠡᠭᠡ ᠪᠠᠭ᠎ᠠ ᠨᠢ ᠠᠳᠠᠯᠢ ᠪᠤᠰᠤ᠂ ᠲᠡᠦᠬᠡ ᠰᠣᠶᠣᠯ ᠨᠢ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠨᠢ ᠠᠳᠠᠯᠢ ᠪᠤᠰᠤ ᠤᠯᠤᠰ ᠤᠨ ᠨᠥᠬᠦᠷᠰᠡᠭ ᠢᠶᠠᠷ ᠬᠠᠷᠢᠯᠴᠠᠬᠤ᠂ ᠭᠠᠷ ᠬᠤᠯᠪᠣᠨ ᠬᠥᠭᠵᠢᠬᠦ ᠦᠯᠢᠬᠡᠷ ᠳᠠᠭᠤᠷᠢᠶᠠᠯ ᠢ ᠱᠤᠭᠤᠪᠠ᠃ ᠪᠢ ᠳᠤᠮᠳᠠᠳᠤ ᠤᠯᠤᠰ ᠪᠤᠯᠤᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠲᠡᠷᠢᠭᠦᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠪᠤᠯᠤᠨ ᠫᠤᠰᠨᠢᠶ᠎ᠠ ᠪᠠ ᠾᠧᠷᠽᠧᠭᠤᠸᠢᠨᠠ ᠶᠢᠨ ᠬᠠᠷᠢᠯᠴᠠᠭ᠎ᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠳᠦᠯᠦᠨ ᠳᠠᠭᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ᠽᠸᠢᠶᠠᠨᠤᠸᠢᠴᠢ᠂ ᠫᠤᠰᠨᠢᠶ᠎ᠠ ᠪᠠ ᠾᠧᠷᠽᠧᠭᠤᠸᠢᠨᠠ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠤᠯᠤᠰ ᠬᠠᠷᠢᠯᠴᠠᠨ ᠬᠦᠨᠳᠦᠳᠭᠡᠵᠦ᠂ ᠨᠥᠬᠦᠷᠯᠡᠯ ᠪᠠᠲᠤ ᠪᠠᠬᠢ ᠪᠠᠶᠢᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠫᠤᠰᠨᠢᠶ᠎ᠠ ᠪᠠ ᠾᠧᠷᠽᠧᠭᠤᠸᠢᠨᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠦᠨ᠎ᠡ ᠭᠡᠵᠦ ᠢᠯᠡᠳᠬᠡᠪᠡ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ