︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/4/7
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃    ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ ᠥᠭᠦᠯᠡᠯᠲᠡ ᠶᠢᠨ ᠲᠡᠭᠦᠪᠦᠷᠢ︾  ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠤᠨ ᠲᠦᠷᠦᠬᠦᠬᠡᠨ ᠬᠡᠪᠯᠡᠭᠳᠡᠭᠰᠡᠨ ᠠᠩᠭ᠍ᠯᠢ ᠬᠡᠯᠡ᠂ ᠹᠷᠠᠨᠼᠢ ᠬᠡᠯᠡ᠂ ᠣᠷᠣᠰ ᠬᠡᠯᠡ᠂ ᠠᠷᠠᠪ ᠬᠡᠯᠡ᠂ ᠶᠠᠫᠣᠨ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠦᠪ ᠢ ᠭᠦᠨᠵᠡᠭᠡᠶ ᠣᠶᠢᠯᠠᠭᠠᠵᠤ᠂ ᠳᠡᠯᠡᠬᠡᠶ ᠨᠡᠶᠢᠭᠡᠮ ᠤᠨ ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠤᠯᠴᠠᠨ ᠬᠠᠮᠳᠤ ᠪᠠᠷ ᠤᠷᠤᠬᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠶ ᠶᠢᠨ ᠣᠳᠣᠬᠢᠴᠢᠯᠠᠯᠲᠠ ᠶᠢ ᠪᠠᠶᠠᠯᠡᠬᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ