4 ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠶᠡᠭᠡ ᠰᠢᠭᠡᠲᠡᠢ ᠪᠠᠯᠭᠠᠰᠤᠨ ᠳᠤ ᠭᠦᠨᠵᠡᠭᠡᠶᠢᠷᠡᠵᠦ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠢ ᠵᠠᠰᠠᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ | | | | | | ᠰᠣᠶᠣᠯᠲᠤ ᠨᠠᠷ ᠤᠷᠢᠳ ᠬᠤᠵᠢᠳ ᠶᠡᠭᠡ ᠰᠢᠭᠡᠲᠡᠢ ᠪᠠᠯᠭᠠᠰᠤᠨ ᠤ ᠬᠤᠩ ᠱᠠᠨ ᠺᠸᠤ ᠤᠰᠤᠨ ᠴᠥᠭᠦᠷᠥᠮ᠂ ᠮᠠ ᠪᠦ᠋ ᠽᠢ ᠲᠣᠰᠬᠤᠨ ᠵᠡᠷᠭᠡ | ᠭᠠᠵᠠᠷ ᠲᠤ ᠬᠦᠷᠴᠦ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠᠷᠢᠯᠭ᠎ᠠ ᠶᠢᠨ ᠠᠬᠢᠴᠠ ᠪᠣᠯᠤᠨ ᠭᠠᠵᠠᠷ ᠳᠣᠣᠷᠠᠬᠢ ᠤᠰᠤᠨ ᠤ | ᠪᠤᠴᠠᠯᠲᠠ ᠵᠡᠷᠭᠡ ᠪᠠᠶᠢᠳᠠᠯ ᠢ ᠣᠶᠢᠯᠠᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠭᠰᠠᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠬᠠᠢ ᠶᠢᠨ ᠲᠠᠯᠠᠪᠠᠢ ᠳᠤ ᠰᠣᠨᠣᠰᠴᠤ᠂ ᠬᠡᠲᠦᠷᠡᠲᠡᠯ᠎ᠡ ᠮᠠᠯᠲᠠᠭᠰᠠᠨ ᠵᠠᠰᠠᠯᠲᠠ ᠶᠢᠨ ᠶᠠᠪᠤᠴᠠ ᠳᠤ ᠲᠤᠯᠭᠠᠷᠠᠭᠰᠠᠨ | ᠬᠦᠴᠢᠷᠳᠡᠯ ᠪᠣᠯᠤᠨ ᠠᠰᠠᠭᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢᠨ ᠦᠷ᠎ᠡ ᠪᠦᠲᠦᠭᠡᠯ ᠢ | ᠬᠡᠷᠬᠢᠨ ᠪᠠᠬᠢᠵᠢᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ | ᠶᠠᠷᠢᠯᠴᠠᠬᠤ ᠬᠤᠷᠠᠯ ᠳᠤ᠂ ᠡᠯ᠎ᠡ ᠬᠤᠯᠪᠣᠭᠳᠠᠯ ᠪᠥᠬᠦᠶ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠠᠷᠢᠶᠠᠲᠤ ᠣᠷᠣᠨ ᠤ ᠠᠰᠠᠭᠤᠳᠠᠯ ᠳᠤ | ᠴᠢᠭᠯᠡᠭᠦᠯᠦᠨ ᠶᠠᠷᠢᠶ᠎ᠠ ᠲᠠᠯᠪᠢᠪᠠ᠃ | ᠰᠣᠶᠣᠯᠲᠤ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠣᠳᠣᠬᠠᠨ ᠤ ᠭᠠᠵᠠᠷ ᠳᠣᠤᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠬᠦᠨᠳᠦ ᠬᠡᠴᠡᠭᠦᠤ ᠪᠠᠶᠢᠳᠠᠯ ᠢ ᠰᠡᠷᠭᠡᠭ ᠢᠶᠠᠷ ᠲᠠᠨᠢᠵᠤ᠂ ᠬᠦᠨᠳᠦ ᠡᠭᠦᠷᠭᠡ ᠶᠢ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠨ | ᠬᠠᠷᠢᠭᠤᠴᠠᠯᠭ᠎ᠠ ᠪᠠᠨ ᠭᠦᠢᠴᠡᠳᠭᠡᠬᠦ ᠡᠷᠡᠰ ᠵᠣᠷᠢᠭ ᠢ ᠪᠣᠶ ᠪᠣᠯᠭᠠᠵᠤ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ᠂ ᠭᠠᠵᠠᠷ ᠳᠣᠤᠷᠠᠬᠢ ᠤᠰᠤ ᠶᠢ | ᠬᠡᠲᠦᠷᠡᠲᠡᠯ᠎ᠡ ᠲᠠᠲᠠᠵᠤ ᠪᠠᠶᠢᠭ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠤᠰᠤᠨ ᠤ ᠡᠬᠢ | ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠲᠡᠷᠡ ᠬᠡᠪ ᠢᠶᠠᠷ ᠨᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ ᠢ ᠭᠦᠢᠴᠡᠳ ᠬᠠᠮᠠᠭᠠᠯᠠᠵᠤ᠂ ᠤᠰᠤᠨ ᠤ ᠠᠮᠤᠷ ᠲᠦᠪᠰᠢᠨ ᠢ ᠬᠦᠴᠦᠲᠡᠶ ᠪᠠᠲᠤᠯᠠᠬᠤ ᠬᠡᠷᠡᠭᠲᠡᠶ ᠬᠡᠪᠡ᠃ | ᠰᠣᠶᠣᠯᠲᠤ ᠴᠢᠬᠤᠯᠠᠴᠢᠯᠠᠭᠰᠠᠨ ᠨᠢ᠂ ᠭᠠᠵᠠᠷ ᠳᠣᠤᠷᠠᠬᠢ ᠤᠰᠤᠨ ᠤ ᠲᠦᠪᠰᠢᠨ ᠪᠠᠭᠤᠷᠠᠭᠰᠠᠨ ᠭᠦᠨ ᠳᠠᠪᠬᠤᠷᠭ᠎ᠠ ᠶᠢᠨ ᠰᠢᠯᠲᠠᠭᠠᠨ ᠢ ᠣᠨᠣᠪᠴᠢᠲᠠᠶ | ᠵᠠᠳᠠᠯᠵᠤ᠂ ᠵᠣᠷᠢᠭᠲᠠᠶ ᠪᠠᠷ ᠰᠢᠨᠡᠴᠢᠯᠡᠬᠦ᠂ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠰᠥᠰᠥ ᠵᠣᠷᠢᠭ ᠢᠶᠠᠷ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠠᠰᠠᠭᠤᠳᠠᠯ ᠢ ᠵᠠᠰᠠᠬᠤ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠬᠤ ᠬᠡᠷᠡᠭᠲᠡᠶ ᠬᠡᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠵᠡᠷᠭᠡ ᠬᠤᠰᠢᠭᠤᠨ ᠤ | ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | | | |