ᠦᠨᠳᠦᠰᠦᠨ ᠦᠢᠯᠡᠴᠢᠯᠡᠭᠡ ᠲᠠᠢ ᠨᠢᠭᠲᠠ ᠬᠤᠯᠪᠣᠭ᠎ᠠ ᠲᠠᠢ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠪᠠ ᠬᠤᠲᠠ ᠬᠥᠳᠡᠭᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠦᠨ᠎ᠡ ᠬᠠᠩᠰᠢ ᠵᠢᠴᠢ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠲᠤᠬᠠᠢ ᠤᠷᠠᠳ ᠤᠨ ᠡᠮᠦᠨᠡᠲᠦ ᠬᠤᠰᠢᠭᠤᠨ ᠤ ᠮᠡᠳᠡᠭᠳᠡᠯ
ᠨᠡᠶᠢᠲᠡᠯᠡᠭᠰᠡᠨ ᠴᠠᠭ᠄
2025/5/12
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠄    ᠮᠠᠨ ᠤ ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠪᠠ ᠡᠮᠬᠢ ᠳᠢᠭᠯᠢᠮ ᠢ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠣᠷᠣᠰᠢᠭᠤᠯᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠵᠠᠰᠠᠭ ᠤᠨ ᠣᠷᠳᠣᠨ ᠤ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠲᠣᠭᠲᠠᠭᠠᠬᠤ ᠭᠠᠷᠴᠠᠭ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠵᠥᠪᠯᠡᠯ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠠᠰᠠᠭ ᠤᠨ ᠣᠷᠳᠣᠨ ᠤ ᠦᠨ᠎ᠡ ᠲᠣᠭᠲᠠᠭᠠᠬᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠳᠤ ᠬᠤᠯᠪᠣᠭᠳᠠᠭᠰᠠᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠳᠤ ᠥᠪᠡᠷ ᠤᠨ ᠥᠷᠲᠡᠭ ᠤᠨ ᠪᠠᠶᠢᠴᠠᠭᠠᠯᠲᠠ ᠬᠢᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠᠷ ᠳᠡᠮᠵᠢᠨ᠂ ᠳᠡᠭᠡᠭᠰᠢ ᠮᠡᠳᠡᠭᠦᠯᠦᠨ ᠵᠢᠭᠠᠪᠤᠷᠢ ᠠᠪᠬᠤ ᠪᠤᠯᠤᠨ᠎ᠠ᠃ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢᠯᠠᠭᠰᠠᠨ ︽ᠤᠷᠠᠳ ᠤᠨ ᠡᠮᠦᠨᠡᠲᠦ ᠬᠤᠰᠢᠭᠤᠨ ᠤ ᠦᠨᠳᠦᠰᠦᠨ ᠦᠢᠯᠡᠴᠢᠯᠡᠭᠡ ᠲᠠᠢ ᠨᠢᠭᠲᠠ ᠬᠤᠯᠪᠣᠭ᠎ᠠ ᠲᠠᠢ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠪᠠ ᠬᠤᠲᠠ ᠬᠥᠳᠡᠭᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠦᠨ᠎ᠡ ᠬᠠᠩᠰᠢ ᠵᠢᠴᠢ ᠬᠠᠮᠠᠭᠠᠯᠠᠯᠲᠠ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠲᠥᠰᠦᠯ ᠤᠨ ᠲᠤᠬᠠᠶ ᠴᠣᠬᠤᠯᠠᠪᠤᠷᠢ︾  ᠣᠷᠠᠳ ᠵᠠᠰᠠᠭ ᠥᠰᠥᠭ ︹2020︺ 59 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠤᠷᠠᠳ ᠤᠨ ᠡᠮᠦᠨᠡᠲᠦ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠯᠦᠭᠡ ᠨᠢᠭᠲᠠ ᠬᠤᠯᠪᠣᠭᠳᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ      ︵ᠨᠢᠭᠡ᠂ ᠶᠡᠭᠡ ᠲᠢᠩᠬᠢᠮ ︵1 ᠳ᠋ᠦ᠋ᠭᠡᠷ ᠲᠣᠭᠠᠲᠤ︶ ᠶᠢᠨ ᠶᠡᠭᠡ ᠲᠢᠩᠬᠢᠮ ︵1 ᠳ᠋ᠦ᠋ᠭᠡᠷ ᠲᠣᠭᠠᠲᠤ ᠭᠠᠰᠢᠭᠤᠳᠠᠯ ᠤᠨ ᠲᠢᠩᠬᠢᠮ︶ ᠤᠨ ᠲᠠᠯᠠᠪᠠᠶ ᠨᠢ 483 ᠲᠡᠭᠰᠢ ᠳᠥᠷᠪᠡᠯᠵᠢᠨ  ᠮᠧᠲᠷ ᠪᠠᠶᠢᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ 750 ᠲᠥᠭᠦᠷᠢᠭ / ᠡᠳᠦᠷ᠂ ᠭᠠᠰᠢᠭᠤᠳᠠᠬᠤ ᠲᠥᠬᠦᠭᠡᠷᠦᠮᠵᠢ ᠲᠦᠷᠢᠶᠡᠰᠦᠯᠡᠬᠦ ᠰᠦᠢᠳᠬᠡᠯ ︵ᠰᠤᠷᠭᠠᠬᠤ ᠲᠥᠬᠦᠭᠡᠷᠦᠮᠵᠢ ᠲᠦᠷᠢᠶᠡᠰᠦᠯᠡᠬᠦ ᠳᠤ ᠳᠠᠭᠤ ᠴᠢᠮᠡᠭᠡᠭᠦᠷ᠂  ᠡᠯᠧᠺᠲᠷᠣᠨ ᠲᠠᠢ ᠬᠤᠯᠪᠣᠭᠠᠯᠠᠬᠤ᠂ ᠡᠯᠧᠺᠲᠷᠣᠨ ᠳᠡᠯᠭᠡᠴᠡ ᠵᠢᠴᠢ ᠡᠵᠡᠮᠳᠡᠬᠦ ᠰᠢᠰᠲ᠋ᠧᠮ᠂ ᠰᠢᠷᠡᠭᠡ᠂ ᠰᠠᠨᠳᠠᠯᠢ᠂ ᠣᠷᠣ᠂ ᠪᠠᠷᠠᠳᠠᠬᠤ ᠠᠪᠰᠠ ᠶᠢ ᠪᠠᠭᠲᠠᠭᠠᠨ᠎ᠠ᠃︶     ︵ᠬᠤᠶᠠᠷ ᠲᠤ᠂ ᠲᠥᠪ ᠲᠢᠩᠬᠢᠮ ᠤᠨ ᠠᠮᠠᠷᠠᠯᠲᠠ ᠶᠢᠨ ᠭᠡᠷ ︵2 ᠳ᠋ᠤᠭᠠᠷ ᠲᠣᠭᠠᠲᠤ᠂ 14 ᠳ᠋ᠦᠭᠡᠷ ᠨᠣᠮᠧᠷᠲᠤ ᠭᠠᠰᠢᠭᠤᠳᠠᠯ ᠤᠨ ᠲᠢᠩᠬᠢᠮ︶ ᠠᠪᠴᠤ᠂ ᠲᠠᠯᠠᠪᠠᠶ ᠨᠢ 152 ᠲᠡᠭᠰᠢ ᠳᠥᠷᠪᠡᠯᠵᠢᠨ  ᠮᠧᠲᠷ ᠪᠠᠶᠢᠵᠤ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ 600 ᠲᠥᠭᠦᠷᠢᠭ / ᠡᠳᠦᠷ᠂ ᠳᠠᠭᠠᠭᠠᠨ ᠭᠠᠰᠢᠭᠤᠳᠠᠬᠤ ᠲᠥᠬᠦᠭᠡᠷᠦᠮᠵᠢ ᠶᠢᠨ ᠲᠦᠷᠢᠶᠡᠰᠦᠯᠡᠬᠦ ᠵᠠᠷᠤᠳᠠᠯ ︵  ᠲᠥᠬᠦᠭᠡᠷᠦᠮᠵᠢ ᠶᠢ ᠲᠦᠷᠢᠶᠡᠰᠦᠯᠡᠬᠦ ᠳᠤ ᠳᠠᠭᠤ ᠴᠢᠮᠡᠭᠡᠭᠦᠷ᠂ ᠡᠯᠧᠺᠲᠷᠣᠨ ᠲᠠᠢ ᠬᠤᠯᠪᠣᠭᠠᠯᠠᠬᠤ᠂ ᠡᠯᠧᠺᠲᠷᠣᠨ ᠳᠡᠯᠭᠡᠴᠡ ᠵᠢᠴᠢ ᠡᠵᠡᠮᠳᠡᠬᠦ ᠰᠢᠰᠲ᠋ᠧᠮ᠂ ᠰᠢᠷᠡᠭᠡ᠂ ᠰᠠᠨᠳᠠᠯᠢ᠂ ᠣᠷᠣ᠂ ᠪᠠᠷᠠᠳᠠᠬᠤ ᠠᠪᠰᠠ ᠶᠢ ᠪᠠᠭᠲᠠᠭᠠᠨ᠎ᠠ᠃︶     ︵ᠭᠤᠷᠪᠠ︶ ᠲᠥᠪ ᠲᠢᠩᠬᠢᠮ ᠤᠨ ᠠᠮᠠᠷᠠᠯᠲᠠ ᠶᠢᠨ ᠭᠡᠷ ︵5 ᠳ᠋ᠤᠭᠠᠷ ᠲᠤᠭᠠᠳᠤ᠂ 11 ᠳ᠋ᠦ᠋ᠭᠡᠷ ᠲᠣᠭᠠᠲᠤ ᠭᠠᠰᠢᠭᠤᠳᠠᠯ ᠤᠨ ᠲᠢᠩᠬᠢᠮ︶ ᠠᠪᠤᠭᠰᠠᠨ ᠦᠭᠡᠢ᠂ ᠲᠠᠯᠠᠪᠠᠢ ᠨᠢ 126 ᠲᠡᠭᠰᠢ ᠳᠥᠷᠪᠡᠯᠵᠢᠨ ᠮᠧᠲᠷ  ᠪᠠᠶᠢᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ 500 ᠲᠥᠭᠦᠷᠢᠭ / ᠡᠳᠦᠷ᠂  ᠭᠠᠰᠢᠭᠤᠳᠠᠯ ᠤᠨ ᠲᠥᠬᠦᠭᠡᠷᠦᠮᠵᠢ ᠲᠦᠷᠢᠶᠡᠰᠦᠯᠡᠬᠦ ᠰᠦᠢᠳᠬᠡᠯ ︵ᠲᠥᠬᠦᠭᠡᠷᠦᠮᠵᠢ ᠲᠦᠷᠢᠶᠡᠰᠦᠯᠡᠬᠦ ᠳᠤ ᠳᠠᠭᠤ ᠴᠢᠮᠡᠭᠡ᠂ ᠡᠯᠧᠺᠲᠷᠣᠨ ᠬᠤᠯᠪᠣᠭ᠎ᠠ᠂ ᠡᠯᠧᠺᠲᠷᠣᠨ ᠳᠡᠯᠭᠡᠴᠡ ᠵᠢᠴᠢ ᠡᠵᠡᠮᠳᠡᠬᠦ ᠰᠢᠰᠲ᠋ᠧᠮ᠂ ᠰᠢᠷᠡᠭᠡ᠂ ᠰᠠᠨᠳᠠᠯᠢ᠂ ᠣᠷᠣ᠂ ᠪᠠᠷᠠᠳᠠᠬᠤ ᠠᠪᠰᠠ ᠶᠢ ᠪᠠᠭᠲᠠᠭᠠᠨ᠎ᠠ᠃︶   ︵ᠳᠥᠷᠪᠡ︶ ᠵᠢᠵᠢᠭ ᠲᠢᠩᠬᠢᠮ ︵3 ᠳ᠋ᠤᠭᠠᠷ᠂ 4  ᠳ᠋ᠣᠭᠡᠷ᠂ 6 ᠳ᠋ᠤᠭᠠᠷ᠂ 7 ᠳ᠋ᠤᠭᠠᠷ᠂ 8 ᠳ᠋ᠤᠭᠠᠷ᠂ 9 ᠳ᠋ᠣᠭᠡᠷ᠂ 10 ᠳ᠋ᠤᠭᠠᠷ᠂ 12 ᠳ᠋ᠤᠭᠠᠷ᠂ 13 ᠳ᠋ᠤᠭᠠᠷ︶᠂ ᠲᠠᠯᠠᠪᠠᠶ ᠨᠢ 80 ᠲᠡᠭᠰᠢ ᠳᠥᠷᠪᠡᠯᠵᠢᠨ ᠮᠧᠲᠷ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ ᠡᠳᠦᠷ ᠪᠦᠷᠢ 300 ᠲᠥᠭᠦᠷᠢᠭ᠂ ᠡᠭᠦᠨ ᠳᠤ ᠭᠠᠰᠢᠭᠤᠳᠠᠯ ᠤᠨ ᠲᠥᠬᠦᠭᠡᠷᠦᠮᠵᠢ ᠲᠦᠷᠢᠶᠡᠰᠦᠯᠡᠬᠦ ᠵᠠᠷᠤᠳᠠᠯ ᠪᠠᠭᠲᠠᠨ᠎ᠠ ︵ᠭᠠᠰᠢᠭᠤᠳᠠᠯ ᠤᠨ ᠲᠥᠬᠦᠭᠡᠷᠦᠮᠵᠢ ᠲᠦᠷᠢᠶᠡᠰᠦᠯᠡᠬᠦ ᠳᠤ ᠳᠠᠭᠤ ᠴᠢᠮᠡᠭᠡ᠂ ᠡᠯᠧᠺᠲᠷᠣᠨ ᠭᠠᠰᠢᠭᠤᠳᠠᠯ ᠤᠨ ᠤᠶᠠᠩᠭ᠎ᠠ᠂ ᠡᠯᠧᠺᠲᠷᠣᠨ ᠳᠡᠯᠭᠡᠴᠡ ᠵᠢᠴᠢ ᠡᠵᠡᠮᠳᠡᠬᠦ ᠰᠢᠰᠲ᠋ᠧᠮ᠂ ᠰᠢᠷᠡᠭᠡ ᠰᠠᠨᠳᠠᠯᠢ᠂ ᠣᠷᠣ᠂ ᠪᠠᠷᠠᠯᠠᠬᠤ ᠠᠪᠰᠠ ᠪᠠᠭᠲᠠᠨ᠎ᠠ︶︔ ᠬᠡᠷᠡᠭᠯᠡᠭᠴᠢ ᠶᠢᠨ ᠬᠡᠷᠡᠭᠴᠡᠭᠡ ᠶᠢ ᠦᠨᠳᠦᠰᠦᠯᠡᠨ ᠭᠠᠰᠢᠭᠤᠳᠠᠯ ᠤᠨ ᠲᠢᠩᠬᠢᠮ ᠢ ᠴᠢᠯᠥᠭᠡᠲᠡᠶ  ᠰᠣᠩᠭᠤᠵᠣ ᠪᠣᠯᠣᠨ᠎ᠠ ︵ᠨᠢᠭᠡ ᠡᠳᠦᠷ ᠬᠦᠷᠬᠦ ᠦᠭᠡᠢ ᠪᠣᠯ ᠨᠢᠭᠡ ᠡᠳᠦᠷ ᠢᠶᠠᠷ  ᠪᠣᠳᠣᠨ᠎ᠠ︶᠃    ᠬᠤᠶᠠᠷ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠨᠡᠶᠢᠳᠡ ᠶᠢᠨ ᠤᠡᠭᠭᠤᠨ ᠤ ᠦᠨ᠎ᠡ ᠬᠠᠩᠰᠢ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠨᠡᠶᠢᠳᠡ ᠶᠢᠨ ᠤᠡᠭᠭᠤᠨ ᠤ ᠪᠠ ᠡᠵᠡᠩᠨᠡᠯᠲᠡ ᠶᠢᠨ ᠴᠢᠨᠠᠷᠲᠠᠶ ᠨᠡᠶᠢᠳᠡ ᠶᠢᠨ ᠤᠡᠭᠭᠤᠨ ᠤ ᠬᠠᠮᠠᠭᠠᠯᠠᠯᠲᠠ ᠬᠠᠮᠢᠶᠠᠷᠤᠯᠲᠠ ᠶᠢᠨ ᠵᠠᠷᠤᠳᠠᠯ ᠬᠤᠷᠢᠶᠠᠬᠤ ᠪᠠᠷᠢᠮᠵᠢᠶ᠎ᠠ᠃     ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ  ᠦᠨ᠎ᠡ ᠨᠢ 2300 ᠲᠥᠭᠦᠷᠢᠭ \ ᠰᠠᠭᠤᠷᠢ᠃ ᠨᠡᠶᠢᠲᠡ ᠶᠢᠨ ᠣᠩᠭᠤᠨ ᠤ ᠬᠠᠮᠠᠭᠠᠯᠠᠯᠲᠠ ᠬᠠᠮᠢᠶᠠᠷᠤᠯᠲᠠ ᠶᠢᠨ ᠪᠣᠳᠠᠲᠠᠶ ᠥᠪᠡᠷ ᠤᠨ ᠥᠷᠲᠡᠭ ᠢ ᠦᠨᠳᠦᠰᠦᠯᠡᠨ᠂ ᠵᠥᠷᠢᠶᠡᠲᠦ  ᠨᠣᠷᠮ᠎ᠠ ᠶᠢᠨ ᠬᠢᠵᠠᠭᠠᠷᠯᠠᠬᠤ ᠪᠤᠶᠤ ᠬᠠᠮᠤᠭ ᠤᠨ ᠥᠨᠳᠥᠷ ᠦᠨ᠎ᠠ ᠬᠠᠩᠰᠢ ᠶᠢ ᠬᠢᠵᠠᠭᠠᠷᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠬᠠᠮᠠᠭᠠᠯᠠᠯᠲᠠ ᠨᠢᠭᠡᠪᠦᠷᠢ ᠨᠢ ᠵᠢᠯ ᠪᠦᠷᠢ 50 ᠲᠥᠭᠦᠷᠢᠭ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠤ ᠬᠠᠮᠠᠭᠠᠯᠠᠯᠲᠠ ᠨᠢᠭᠡᠪᠦᠷᠢ ᠨᠢ ᠵᠢᠯ ᠪᠦᠷᠢ 150 ᠲᠥᠭᠦᠷᠢᠭ  ᠪᠣᠯᠣᠨ᠎ᠠ᠃ ᠨᠡᠶᠢᠲᠡ ᠶᠢᠨ ᠣᠩᠭᠤᠨ ᠢ ᠬᠠᠮᠠᠭᠠᠯᠠᠬᠤ ᠨᠢ ᠬᠠᠮᠤᠭ ᠤᠷᠲᠤ ᠳᠤ ᠪᠠᠨ 20 ᠵᠢᠯ  ᠳᠤ ᠨᠢᠭᠡ ᠰᠦᠢᠳᠭᠡᠯ ᠲᠤᠰᠢᠶᠠᠬᠤ ᠦᠶᠡᠯᠡᠯ᠂  ᠭᠡᠷ᠎ᠡ ᠶᠢᠨ  ᠬᠤᠭᠤᠴᠠᠭ᠎ᠠ ᠨᠢ ᠳᠦᠭᠦᠷᠪᠡᠯ ᠣᠷᠣᠰᠢᠭᠤᠯᠬᠤ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠦᠷᠭᠦᠯᠵᠢᠯᠡᠨ ᠬᠠᠮᠠᠭᠠᠯᠠᠬᠤ ᠣᠩᠭᠤᠨ ᠢ ᠦᠷᠭᠦᠯᠵᠢᠯᠡᠨ ᠲᠤᠰᠢᠶᠠᠬᠤ ᠡᠰᠡᠬᠦ ᠪᠠᠨ ᠰᠠᠶᠢᠨ  ᠳᠣᠷ᠎ᠠ ᠠᠴᠠ ᠪᠠᠨ ᠰᠣᠩᠭᠤᠵᠤ  ᠪᠣᠯᠣᠨ᠎ᠠ᠃    ᠭᠤᠷᠪᠠ᠂ ᠰᠦᠢᠳᠬᠡᠯ ᠬᠤᠷᠢᠶᠠᠬᠤ ᠠᠷᠭ᠎ᠠ  ᠶᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠤ ᠠᠬᠤᠶᠢᠯᠠᠯ ᠠᠴᠠ ᠵᠥᠪᠳᠡᠯᠴᠡᠨ ᠲᠣᠭᠲᠠᠭᠠᠬᠤ ᠬᠡᠷᠡᠭᠲᠡᠶ᠃     ᠳᠥᠷᠪᠡ᠂ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠦᠨᠳᠦᠰᠦᠯᠡᠯ ᠢ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ᠂ ᠰᠦᠯᠵᠢᠶᠡᠨ ᠤ ᠲᠠᠪᠴᠠᠩ ᠵᠡᠷᠭᠡ ᠪᠠᠷ ᠳᠠᠮᠵᠢᠭᠤᠯᠤᠨ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠵᠦ᠂ ᠰᠦᠢᠳᠬᠡᠯ ᠬᠤᠷᠢᠶᠠᠬᠤ ᠴᠣᠩᠬᠤᠪᠴᠢ ᠠᠴᠠ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠪᠤᠯᠤᠩ ᠪᠠᠶᠢᠭᠤᠯᠤᠨ᠎ᠠ᠃ ᠰᠦᠢᠳᠬᠡᠯ ᠬᠤᠷᠢᠶᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠶ᠃    ᠲᠠᠪᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ ᠨᠦᠭᠦᠳ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠠᠰᠠᠭ ᠤᠨ ᠣᠷᠳᠣᠨ ᠤ ᠲᠣᠭᠲᠠᠭᠠᠭᠰᠠᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠦᠢᠯᠡᠴᠢᠯᠡᠭᠡ ᠬᠠᠩᠭᠠᠵᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠠᠯᠠᠪᠤᠷ ᠤᠨ ᠢᠯᠡ ᠭᠠᠵᠠᠷ ᠲᠤ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠂ ᠢᠯᠡᠴᠢᠯᠡᠨ ᠮᠡᠳᠡᠭᠦᠯᠬᠦ ᠤᠲᠠᠰᠤ᠂ ᠦᠢᠯᠡᠴᠢᠯᠡᠭᠡᠨ ᠤ ᠴᠤᠪᠤᠷᠠᠯ ᠪᠠ ᠦᠢᠯᠡᠴᠢᠯᠡᠭᠡᠨ ᠤ ᠵᠢᠷᠤᠮᠵᠢᠯ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ ᠦᠢᠯᠡᠴᠢᠯᠡᠭᠡ ᠪᠠ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠵᠤ᠂ ᠣᠷᠣᠰᠢᠭᠤᠯᠭ᠎ᠠ ᠶᠢᠨ ᠡᠷᠦᠬᠡ ᠰᠠᠶᠢᠨ ᠳᠤᠷ᠎ᠠ ᠠᠴᠠ ᠪᠠᠨ ᠰᠣᠩᠭᠤᠬᠤ᠂ ᠲᠥᠪ ᠭᠤᠣᠯᠴᠢ ᠪᠠᠷ ᠵᠥᠪᠳᠡᠯᠴᠡᠬᠦ ᠶᠢ ᠬᠡᠷᠡᠭᠵᠢᠭᠦᠯᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠬᠡᠷᠡᠭᠲᠡᠶ᠃    ᠵᠢᠷᠭᠤᠭ᠎ᠠ᠂ ᠬᠡᠷᠡᠭᠵᠢᠭᠦᠯᠬᠦ ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ  ᠵᠢᠷᠣᠮᠯᠠᠬᠤ ᠬᠡᠷᠡᠭᠲᠡᠢ᠃    ᠳᠣᠯᠤᠭ᠎ᠠ᠂ ᠲᠤᠰ ᠮᠡᠳᠡᠭᠳᠡᠯ ᠢ ᠬᠡᠷᠡᠭᠵᠢᠭᠦᠯᠬᠦ ᠴᠠᠭ ᠬᠤᠭᠤᠴᠠᠭ᠎ᠠ ᠶᠢ ᠮᠡᠳᠡᠭᠳᠡᠭᠰᠡᠨ ᠡᠳᠦᠷ ᠠᠴᠠ ᠡᠬᠢᠯᠡᠵᠦ  ᠬᠡᠷᠡᠭᠵᠢᠬᠦᠯᠬᠦ ᠬᠡᠷᠡᠭᠲᠡᠢ᠃                           ᠤᠷᠠᠳ ᠤᠨ ᠡᠮᠦᠨᠡᠲᠦ ᠬᠤᠶᠢᠰᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                         2025 ᠣᠨ ᠤ 5 ᠰᠠᠷ᠎ᠠ ᠶᠢᠨ 8 ᠤ ᠡᠳᠦᠷ      
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ