ᠤᠷᠠᠳ ᠤᠨ ᠡᠮᠦᠨᠡᠲᠦ ᠬᠤᠰᠢᠭᠤᠨ ᠤ 2025 ᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2025/5/13
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠤ᠂ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠵᠢᠴᠢ ᠬᠤᠲᠠ ᠶᠢᠨ ᠦᠨᠳᠣᠰᠣᠲᠡᠨ ᠤ ᠬᠡᠷᠡᠭ ᠡᠷᠬᠢᠯᠡᠬᠦ ᠵᠥᠪᠯᠡᠯ ᠤᠨ  ︽2025 ᠣᠨ ᠤ ᠪᠥᠬᠦ ᠬᠤᠰᠢᠭᠤᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀  ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 12 ᠤᠨ ᠡᠳᠦᠷ᠂  ᠣᠷᠠᠳ ᠤᠨ ᠡᠮᠦᠨᠡᠲᠤ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠡᠷᠭᠢᠯᠡᠭᠰᠡᠨ 2025 ᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠦᠵᠡᠯ ᠤᠬᠠᠮᠰᠠᠷ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠲᠣᠰ ᠬᠤᠰᠢᠭᠤᠨ ᠤ ᠨᠠᠮ ᠤᠨ ᠬᠤᠷᠢᠶ᠎ᠠ ᠳᠤ ᠪᠣᠯᠪᠠᠰᠤᠷᠠᠯ ᠡᠬᠢᠯᠡᠪᠡ᠃  ᠲᠣᠰ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ᠂ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠠᠴᠠ 60 ᠺᠠᠳ᠋ᠷ ᠠᠵᠢᠯᠲᠠᠨ  ᠪᠣᠯᠪᠠᠰᠤᠷᠠᠯ ᠳᠤ  ᠣᠷᠣᠯᠴᠠᠪᠠ᠃    ᠠᠩᠭᠢ ᠡᠬᠢᠯᠡᠬᠦ ᠶᠣᠰᠣᠯᠠᠯ  ᠳᠤ᠂ ᠣᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠪᠠᠨ ᠷᠦᠢ ᠴᠢᠬᠤᠯᠠᠴᠢᠯᠠᠭᠰᠠᠨ ᠨᠢ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠪᠢᠳᠡ ᠡᠷᠬᠡᠪᠰᠢ ᠲᠡᠭᠦᠨ ᠤ ᠡᠯᠪᠡᠭ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ ᠬᠡᠪᠡ᠃ ᠲᠣᠰ ᠤᠳᠠᠭᠠᠨ ᠤ  ᠪᠣᠯᠪᠠᠰᠣᠷᠠᠯ ᠨᠢ 2 ᠡᠳᠦᠷ ᠬᠠᠭᠠᠰ ᠤᠨ ᠬᠤᠭᠤᠴᠠᠭ᠎ᠠ ᠲᠠᠢ ᠶᠠᠪᠤᠭᠳᠠᠵᠤ᠂ ᠣᠨᠣᠯ ᠤᠨ ᠬᠢᠴᠢᠶᠡᠯ᠂ ᠬᠠᠷᠠᠭᠠᠨ ᠳᠠᠪᠲᠠᠮᠵᠢ ᠶᠢᠨ ᠰᠤᠷᠤᠯᠴᠠᠯᠭ᠎ᠠ᠂ ᠲᠡᠤᠬᠡ ᠶᠢᠨ ᠮᠥᠷᠳᠡᠯᠲᠡ᠂ ᠤᠷᠠᠯᠢᠭ ᠰᠢᠨᠵᠢᠨ ᠰᠣᠨᠢᠷᠬᠠᠬᠤ ᠵᠡᠷᠭᠡ ᠣᠯᠠᠨ ᠡᠰᠢᠲᠦ ᠬᠢᠴᠢᠶᠡᠯ ᠤᠨ ᠲᠣᠬᠢᠷᠠᠭᠤᠯᠤᠯᠲᠠ ᠪᠠᠷ ᠳᠡᠮᠵᠢᠨ᠂  ᠪᠣᠯᠪᠠᠰᠣᠷᠠᠯ ᠳᠤ ᠣᠷᠣᠯᠴᠠᠭᠰᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ᠂ ᠭᠦᠨ ᠲᠠᠰ ᠳᠠᠪᠬᠤᠷᠭ᠎ᠠ ᠶᠢᠨ ᠣᠶᠢᠯᠠᠭᠠᠭᠤᠯᠤᠨ ᠢ ᠪᠣᠢ ᠪᠣᠯᠭᠠᠵᠤ᠂ ᠬᠤᠶᠢᠰᠢᠳᠠ ᠶᠢᠨ ᠦᠨᠳᠦᠰᠦᠲᠡᠨ ᠤ ᠠᠵᠢᠯ ᠢ ᠥᠷᠨᠢᠭᠦᠯᠬᠦ ᠳᠤ ᠪᠠᠲᠤ ᠪᠠᠬᠢ ᠣᠨᠣᠯ ᠤᠨ ᠰᠠᠭᠤᠷᠢ ᠶᠢ ᠲᠠᠯᠪᠢᠵᠤ ᠥᠭᠬᠦ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ