ᠮᠢᠩᠭᠠᠨ ᠪᠠᠯᠭᠠᠰᠤ ︽ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ  ︾  ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/14
     ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠶ ᠳᠡᠭᠡᠳᠦ ᠱᠠᠲᠤᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠬᠤ ᠶᠢᠨ ᠲᠥᠯᠥᠭᠡ᠂  ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠲᠥᠪ ᠲᠣᠰ ᠬᠤᠰᠢᠭᠤᠨ ᠤ ᠮᠢᠩᠭᠠᠨ ᠪᠠᠯᠭᠠᠰᠤᠨ ᠳᠤ ᠬᠦᠷᠴᠦ᠂  ︽ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ︾  ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠠᠴᠠ ᠰᠠᠭᠤᠭᠠᠯᠢ ᠠᠷᠠᠳ ᠲᠤ ᠦᠶᠡᠷ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ 100 ᠭᠠᠷᠣᠢ ᠬᠤᠪᠢ ᠣᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠦᠶᠡᠷ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠮᠡᠳᠡᠯᠭᠡ ᠪᠣᠯᠤᠨ ᠬᠡᠷᠡᠭᠯᠡᠭᠡᠨ ᠤ ᠣᠷ᠎ᠠ ᠮᠡᠷᠭᠡᠵᠢᠯ ᠢ ᠨᠠᠷᠢᠨ ᠲᠡᠶᠢᠯᠪᠣᠷᠢᠯᠡᠵᠦ᠂ ᠥᠷᠭᠡᠨ ᠣᠯᠠᠨ ᠲᠦᠮᠡᠨ ᠤ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠬᠦᠯᠪᠡ᠃          ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠪᠠᠶᠢᠭᠠᠯᠢ ᠶᠢᠨ ᠭᠠᠮᠰᠢᠭ ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠲᠣᠰ ᠪᠠᠯᠭᠠᠰᠤ ᠪᠠᠰᠠ ᠦᠶᠡᠷ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠶᠡᠷ ᠤᠨ ᠬᠤᠭᠤᠴᠠᠭᠠᠨ ᠳᠤ ᠡᠯ᠎ᠡ ᠲᠥᠷᠥᠯ ᠤᠨ ᠭᠡᠨᠡᠳᠲᠡ ᠶᠢᠨ ᠪᠠᠶᠢᠳᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠠᠷᠭᠠᠴᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃                                              
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ