ᠰᠢ ᠶᠢᠨ ᠫᠢᠩ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/15
     5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃

6388289896472810148230657.png

     5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ

ᠲᠠᠩᠬᠢᠮ ᠳᠤ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ

ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ

ᠠᠭᠤᠯᠵᠠᠪᠠ᠃  

ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠶᠠᠩ  ᠰᠡᠭᠦᠳᠡᠷᠯᠡᠪᠡ

    ᠰᠢ ᠶᠢᠨ ᠫᠢᠩ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ ᠪᠣᠯᠣᠨ᠎ᠠ᠃ 55 ᠵᠢᠯ ᠤᠨ ᠡᠮᠦᠨ᠎ᠡ᠂

ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠦᠢᠲᠡᠨ ᠲᠠᠶᠢᠨ ᠤ ᠤᠨᠢᠶᠠᠷ

ᠬᠦᠳᠡᠩ ᠢ ᠰᠢᠪᠲᠤᠯᠤᠨ᠂ ᠰᠢᠨ᠎ᠡ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ

ᠠᠩᠬᠠᠨ ᠤ ᠵᠠᠮ ᠢ ᠨᠡᠭᠡᠭᠡᠵᠡᠢ᠃ ᠬᠠᠭᠠᠰ ᠵᠠᠭᠤᠨ ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠴᠢᠯᠢ ᠶᠢᠨ

ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠢᠮᠠᠭᠲᠠ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠯᠠᠲ᠋ᠢᠨ

ᠠᠮᠧᠷᠢᠺᠠ ᠶᠢᠨ ᠤᠯᠤᠰ ᠤᠳ ᠤᠨ ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ᠃ ᠳᠤᠮᠳᠠᠳᠤ ᠤᠯᠤᠰ ᠪᠣᠯᠣᠨ ᠴᠢᠯᠢ

ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ

ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ

ᠳᠠᠭᠤᠷᠢᠶᠠᠯ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ ᠡᠩᠬᠡ

ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃

    ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠵᠤ᠂ ᠬᠠᠷᠢᠯᠴᠠᠨ

ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ

ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ

ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠲᠤᠰ ᠲᠤᠰ ᠤᠨ ᠢᠶᠠᠨ ᠡᠵᠡᠨ ᠮᠡᠳᠡᠬᠦ ᠡᠷᠬᠡ᠂ ᠠᠮᠤᠷ ᠲᠦᠪᠰᠢᠨ᠂ ᠬᠥᠭᠵᠢᠯᠲᠡ ᠶᠢᠨ

ᠠᠰᠢᠭ ᠲᠤᠰᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ

ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ᠂ ᠠᠵᠤ ᠦᠢᠯᠡᠰ ᠤᠨ ᠪᠡᠯᠡ

ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂

ᠤᠳᠤᠨ ᠣᠷᠣᠨ᠂ ᠲᠤᠶᠢᠯ ᠤᠨ ᠣᠷᠣᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ

ᠨᠡᠮᠡᠭᠳᠡᠯ ᠤᠨ ᠴᠡᠭ ᠢ ᠪᠣᠶᠢᠵᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠴᠢᠯᠢ ᠳᠤ ᠬᠦᠷᠴᠦ ᠪᠡᠯᠡ

ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠳᠡᠮᠵᠢᠨ᠎ᠠ᠂ ᠴᠢᠯᠢ ᠶᠢᠨ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ

ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠪᠠᠨ

ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠭᠤᠴᠢᠯᠠᠭᠤᠷ᠂ ᠵᠠᠯᠠᠭᠤᠴᠤᠳ ᠵᠡᠷᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂

ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ

ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠯᠪᠢᠵᠤ ᠥᠭᠭᠦᠶ᠎ᠡ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠬᠤᠪᠢᠷᠠᠯᠲᠠ ᠬᠥᠷᠪᠡᠭᠡᠨ ᠰᠣᠯᠪᠢᠴᠠᠵᠤ᠂

ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ

ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠨ᠎ᠠ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ

ᠬᠠᠮᠠᠭᠠᠯᠠᠭᠴᠢ ᠪᠣᠯᠤᠭᠰᠠᠨ ᠤ ᠬᠤᠪᠢ ᠳᠤ ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ

ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃

    ᠪᠦᠸᠧᠯᠢᠴᠢ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠯᠤᠰ

ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ

ᠲᠦᠮᠡᠨ ᠳᠤ ᠪᠤᠶᠠᠨ ᠦᠢᠯᠡᠳᠴᠡᠢ᠃ ᠴᠢᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ

ᠠᠷᠠᠯᠵᠢᠶ᠎ᠠ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂

︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠴᠢᠯᠢ

ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠤᠯᠤᠰ

ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠪᠠᠯ ᠵᠣᠬᠢᠨ᠎ᠠ᠂ ᠠᠷᠠᠯᠵᠢᠶ᠎ᠠ ᠨᠢ ᠵᠥᠪᠭᠡᠨ ᠨᠢᠭᠡ

ᠤᠯᠤᠰ ᠤᠨ ᠬᠤᠪᠢ ᠶᠢᠨ ᠠᠰᠢᠭ ᠲᠤᠰᠠ ᠳᠤ ᠦᠢᠯᠡᠴᠢᠯᠡᠵᠦ ᠪᠤᠯᠬᠤ ᠦᠭᠡᠢ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ ᠵᠠᠮ ᠦᠭᠡᠢ ᠶᠤᠮ᠃ ᠴᠢᠯᠢ ᠶᠢᠨ

 ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ

ᠰᠦᠷ ᠢ ᠡᠷᠡᠰ ᠬᠠᠮᠠᠭᠠᠯᠠᠵᠤ᠂ ᠶᠠᠷᠢᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠲᠥᠪ ᠭᠤᠣᠯᠴᠢ

ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃

   ᠸᠠᠩ ᠢ ᠠᠭᠤᠯᠵᠠᠯᠲᠠ ᠳᠤ ᠣᠷᠣᠯᠴᠠᠵᠠᠢ᠃

    ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠠᠵᠤ ᠠᠬᠤᠢ᠂ ᠬᠡᠪᠯᠡᠯ᠂ ᠰᠢᠯᠭᠠᠨ ᠪᠠᠶᠢᠴᠠᠭᠠᠬᠤ

ᠬᠢᠵᠢᠭ ᠪᠠᠶᠢᠴᠠᠭᠠᠬᠤ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ

ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ