ᠰᠢ ᠶᠢᠨ ᠫᠢᠩ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/15
     5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ᠃

6388289857469153384391946.png

    5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ

ᠲᠠᠩᠬᠢᠮ ᠳᠤ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ

ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲ᠋ᠧᠷᠤ᠋ ᠲᠠᠢ

ᠠᠭᠤᠯᠵᠠᠪᠠ᠃

ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠬᠤᠸᠠᠩ ᠵᠢᠩ ᠸᠧᠨ  ᠰᠡᠭᠦᠳᠡᠷᠯᠡᠪᠡ

     ᠰᠢ ᠶᠢᠨ ᠫᠢᠩ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ᠂ ᠳᠤᠮᠳᠠᠳᠤ ᠤᠯᠤᠰ ᠢᠮᠠᠭᠲᠠ ᠪᠠᠶᠢᠯᠳᠤᠬᠤ

ᠪᠣᠳᠣᠯᠭ᠎ᠠ ᠶᠢᠨ ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ

ᠶᠤᠮ᠃ ᠡᠨᠡ ᠵᠢᠯ ᠪᠣᠯ ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ

ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ

ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ

ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ

ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠶ᠎ᠡ᠃ ᠺᠣᠯᠣᠮᠪᠢᠶ᠎ᠠ ᠶᠢᠨ ︽ᠨᠢᠭᠡ ᠪᠦᠰᠡ ᠨᠢᠭᠡ ᠵᠠᠮ︾ ᠢ

ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠲᠣᠮᠣ ᠭᠡᠷ ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ

ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ

ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ

ᠣᠷᠣᠭᠤᠯᠤᠨ ᠦᠢᠯᠡᠰ ᠪᠣᠰᠬᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ

ᠰᠠᠯᠬᠢᠨ ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ

ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ

ᠬᠤᠪᠢᠷᠠᠭᠤᠯᠬᠤ ᠶᠢ ᠬᠠᠮᠲᠤ ᠪᠠᠷ ᠪᠡᠶᠡᠯᠡᠭᠦᠯᠦᠶ᠎ᠡ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ

ᠡᠷᠭᠢᠯᠡᠵᠦ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ

ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ

ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ

ᠤᠷᠤᠰᠬᠠᠯ ᠢ ᠳᠠᠭᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃

ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ

ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ

ᠰᠦᠪᠡᠭᠴᠢᠯᠡᠬᠦ ᠢᠳᠡᠪᠬᠢᠲᠡᠢ ᠳᠣᠬᠢᠶ᠎ᠠ ᠶᠢ ᠲᠠᠯᠪᠢᠵᠠᠢ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ

ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ  ᠬᠤᠷᠠᠯ ᠢ ᠠᠮᠵᠢᠯᠲᠠ ᠲᠠᠢ ᠡᠷᠭᠢᠯᠡᠭᠦ ᠳᠤ ᠴᠢᠬᠤᠯᠠ ᠬᠤᠪᠢ ᠨᠡᠮᠡᠷᠢ

ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢ ᠪᠠᠭᠲᠠᠭᠠᠭᠰᠠᠨ ᠯᠠᠲ᠋ᠢᠨ ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ

- ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ

ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠤᠮᠳᠠᠳᠤ ᠤᠯᠤᠰ - ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠳ ᠲᠦᠮᠡᠨ ᠳᠤ ᠨᠡᠩ

ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃

    ᠫᠸᠲᠷᠤ᠋᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ ᠲᠡᠦᠬᠡ ᠲᠠᠢ ᠶᠤᠮ᠂ ᠺᠣᠯᠣᠮᠪᠢᠶ᠎ᠠ ᠶᠢᠨ ᠬᠢᠨ

ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ ᠬᠥᠭᠵᠢᠭᠦᠯᠬᠦ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ

ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂

ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂

ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ᠂

ᠣᠨᠴᠠ ᠵᠠᠷᠢᠮ ᠤᠯᠤᠰ ᠤᠨ ᠠᠰᠢᠭ ᠲᠤ ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ᠂ ᠡᠯ᠎ᠡ ᠤᠯᠤᠰ ᠪᠦᠯᠬᠦᠮᠳᠡᠨ

ᠠᠷᠭᠠᠴᠠᠭᠠᠪᠠᠯ ᠵᠣᠬᠢᠨ᠎ᠠ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ

ᠶᠣᠰᠣ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃

    ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠣᠨ 21 ᠳ᠋ᠦ᠋ᠭᠡᠷ ᠵᠠᠭᠤᠨ ᠤ

ᠳᠠᠯᠠᠶ ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠵᠠᠰᠠᠭ ᠤᠨ ᠣᠷᠳᠣᠨ ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ

ᠲᠥᠯᠦᠪᠵᠢᠭᠦᠯᠭᠡ︾ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

     ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ