5 ᠰᠠᠷ᠎ᠠ ᠶᠢᠨ 17 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠪ ᠤᠨ ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ | ᠬᠡᠷᠡᠭ ᠡᠷᠭᠢᠯᠡᠭᠴᠢᠳ ᠤᠨ ᠬᠤᠷᠠᠯ ᠤᠨ ᠵᠢᠵᠢᠭᠦᠷ ᠲᠡᠷᠢᠭᠦᠯᠡᠭᠴᠢ ᠢᠷᠠᠺ ᠤᠨ ᠶᠡᠷᠦᠩᠬᠡᠶᠢᠯᠡᠭᠴᠢ ᠯᠠᠰᠢᠳ᠋ ᠲᠤ ᠪᠠᠶᠠᠷ ᠤᠨ ᠵᠠᠬᠢᠳᠠᠯ ᠢᠯᠡᠭᠡᠵᠦ᠂ ᠭᠤᠴᠢᠨ | ᠳᠥᠷᠪᠡᠳᠦᠭᠡᠷ ᠬᠤᠭᠤᠴᠠᠭᠠᠨ ᠤ ᠠᠷᠠᠪ ᠤᠨ ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠪᠠᠭᠳᠠᠳ᠋ ᠲᠤ | ᠬᠤᠷᠠᠯᠳᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠠᠷᠠᠪ ᠤᠨ ᠤᠯᠤᠰ ᠤᠳ ᠤᠨ ᠬᠤᠯᠪᠤᠭ᠎ᠠ ᠪᠠᠶᠢᠭᠤᠯᠤᠭᠳᠠᠭᠰᠠᠨ 80 ᠵᠢᠯ ᠤᠨ ᠲᠤᠷᠰᠢ ᠠᠷᠠᠪ ᠤᠨ ᠤᠯᠤᠰ ᠤᠳ ᠬᠤᠯᠪᠤᠭᠠᠯᠠᠨ | ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠪᠠᠷ ᠢᠮᠠᠭᠲᠠ ᠴᠢᠷᠮᠠᠶᠢᠵᠤ᠂ ᠠᠷᠠᠪ ᠤᠨ ᠤᠯᠤᠰ ᠤᠳ ᠤᠨ ᠬᠠᠮᠲᠤ ᠶᠢᠨ ᠲᠠᠭᠤᠨ ᠢ ᠢᠳᠡᠪᠬᠢᠲᠡᠢ | ᠴᠤᠤᠷᠢᠶᠠᠲᠤᠭᠤᠯᠵᠤ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠠᠬᠢᠭᠤᠯᠪᠠ᠃ ᠣᠳᠣᠬᠠᠨ ᠳᠤ ᠳᠡᠯᠡᠬᠡᠢ | ᠳ᠋ᠠᠬᠢᠨ ᠳᠤ ᠵᠠᠭᠤᠨ ᠵᠢᠯ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠤᠯᠠᠷᠢᠵᠤ᠂ ᠳᠤᠮᠳᠠᠳᠤ ᠳᠣᠷᠣᠨᠠᠲᠤ ᠶᠢᠨ ᠪᠠᠶᠢᠳᠠᠯ ᠨᠠᠷᠢᠨ ᠪᠤᠳᠤᠯᠢᠶᠠᠨᠲᠠᠢ | ᠪᠥᠭᠡᠳ ᠤᠯᠠᠷᠢᠨ ᠬᠤᠪᠢᠷᠠᠵᠤ ᠪᠠᠶᠢᠨ᠎ᠠ᠂ ᠠᠷᠠᠪ ᠤᠨ ᠤᠯᠤᠰ ᠤᠳ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠬᠥᠭᠵᠢᠯᠲᠡ ᠮᠠᠨᠳᠤᠯᠲᠠ ᠶᠢ | ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠦᠷ ᠬᠦᠴᠦᠨ ᠢ | ᠪᠤᠵᠠᠭᠠᠶᠢᠷᠠᠭᠤᠯᠬᠤ ᠳᠤ ᠢᠳᠡᠪᠬᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠶᠢᠷ᠎ᠠ ᠶᠢᠨ ᠵᠢᠯ ᠠᠴᠠ ᠳᠤᠮᠳᠠᠳᠤ ᠤᠯᠤᠰ ᠪᠣᠯᠣᠨ ᠠᠷᠠᠪ ᠤᠨ ᠤᠯᠤᠰ ᠤᠳ ᠤᠨ ᠬᠠᠷᠢᠯᠴᠠᠭ᠎ᠠ ᠥᠷᠨᠢᠭᠦᠨ ᠬᠥᠭᠵᠢᠵᠦ᠂ | ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠢ ᠪᠤᠢ ᠪᠣᠯᠭᠠᠪᠠ᠃ 2022 ᠣᠨ ᠤ 12 ᠰᠠᠷ᠎ᠠ ᠳᠤ ᠪᠢ | ᠠᠷᠠᠪ ᠤᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ - ᠠᠷᠠᠪ ᠤᠨ | ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠰᠢᠨ᠎ᠡ ᠴᠠᠭ ᠦᠶ᠎ᠡ ᠳᠤ ᠬᠠᠨᠳᠤᠭᠰᠠᠨ ᠳᠤᠮᠳᠠᠳᠤ ᠠᠷᠠᠪ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠦᠭᠦ ᠬᠦᠴᠦᠨ ᠢᠶᠠᠷ ᠢᠶᠠᠨ ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ 2026 ᠣᠨ ᠳᠤ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ - ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠳᠤᠮᠳᠠᠳᠤ ᠤᠯᠤᠰ ᠲᠤ ᠶᠠᠪᠤᠭᠳᠠᠬᠤ ᠪᠣᠯᠣᠨ᠎ᠠ᠂ ᠡᠨᠡ | ᠨᠢ ᠳᠤᠮᠳᠠᠳᠤ ᠠᠷᠠᠪ ᠤᠨ ᠬᠠᠷᠢᠯᠴᠠᠭᠠᠨ ᠤ ᠲᠡᠦᠬᠡᠨ ᠳᠡᠭᠡᠷᠡᠬᠢ ᠪᠠᠰᠠ ᠨᠢᠭᠡᠨ ᠴᠢᠬᠤᠯᠠ ᠬᠥᠰᠢᠶ᠎ᠡ ᠲᠡᠮᠳᠡᠭ ᠪᠤᠯᠬᠤ ᠶᠢ ᠢᠲᠡᠭᠡᠵᠦ ᠪᠠᠶᠢᠨ᠎ᠠ᠃ ᠳᠤᠮᠳᠠᠳᠤ | ᠤᠯᠤᠰ ᠪᠣᠯᠣᠨ ᠠᠷᠠᠪ ᠤᠨ ᠤᠯᠤᠰ ᠤᠳ ᠴᠥᠮ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠲᠠᠯ᠎ᠠ | ᠶᠢᠨ ᠬᠤᠭᠤᠷᠣᠨᠳᠣᠭᠢ ᠬᠠᠷᠢᠯᠴᠠᠭ᠎ᠠ ᠳᠤ ᠬᠠᠨᠳᠤᠬᠤ ᠶᠢ ᠪᠠᠷᠢᠮᠲᠠᠯᠠᠳᠠᠭ᠃ ᠢᠷᠡᠭᠡᠳᠦᠢ ᠶᠢ ᠪᠠᠷᠠᠯᠠᠬᠤᠶ᠎ᠠ᠂ ᠳᠤᠮᠳᠠᠳᠤ ᠤᠯᠤᠰ ᠢᠮᠠᠭᠲᠠ ᠠᠷᠠᠪ ᠤᠨ | ᠤᠯᠤᠰ ᠤᠳ ᠤᠨ ᠨᠠᠶᠢᠳᠠᠪᠤᠷᠢᠲᠠᠢ ᠨᠠᠶᠢᠵᠠ ᠪᠠ ᠬᠠᠨᠢᠲᠠᠨ ᠪᠣᠯᠵᠤ᠂ ᠠᠷᠠᠪ ᠤᠨ ᠤᠯᠤᠰ ᠤᠳ ᠤᠨ ᠰᠢᠳᠤᠷᠭᠤ ᠶᠣᠰᠣᠨ ᠤ ᠦᠢᠯᠡᠰ ᠤᠨ ᠲᠠᠯ᠎ᠠ ᠳᠤ ᠪᠠᠲᠤ | ᠵᠣᠭᠰᠣᠨ᠎ᠠ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠤᠯᠤᠰ ᠤᠳ ᠲᠠᠢ ᠬᠠᠮᠲᠤ ᠪᠠᠷ ᠴᠢᠷᠮᠠᠶᠢᠵᠤ᠂ ᠤᠯᠤᠰ ᠲᠦᠷᠦ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠲᠤᠰ | ᠲᠤᠰ ᠤᠨ ᠢᠶᠠᠨ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠤᠷᠤᠭᠰᠢᠯᠠᠵᠤ᠂ ᠨᠡᠩ ᠥᠨᠳᠥᠷ ᠲᠦᠪᠰᠢᠨ ᠪᠦᠬᠦᠢ ᠳᠤᠮᠳᠠᠳᠤ ᠠᠷᠠᠪ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 17 ᠤ ᠴᠠᠭᠢᠯᠭᠠᠨ ᠮᠡᠳᠡᠭᠡ︶ | |