| ᠯᠢ ᠴᠢᠶᠠᠩ ᠳᠣᠯᠣᠳᠤᠭᠠᠷ ᠤᠳᠠᠭ᠎ᠠ ᠶᠢᠨ ᠪᠦᠭᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠢᠴᠢ ᠵᠡᠮᠳᠡᠭᠴᠦᠳ ᠢ | ᠲᠤᠰᠠᠯᠠᠭᠰᠠᠨ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ | ᠳᠣᠯᠣᠳᠤᠭᠠᠷ ᠤᠳᠠᠭ᠎ᠠ ᠶᠢᠨ ᠪᠦᠭᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠢᠴᠢ ᠵᠡᠮᠳᠡᠭᠴᠦᠳ ᠢ ᠲᠤᠰᠠᠯᠠᠭᠰᠠᠨ | ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 16 ᠤ ᠡᠳᠦᠷ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ ᠴᠢᠬᠤᠯᠠ ᠵᠢᠭᠠᠪᠤᠷᠢ ᠥᠭᠴᠦ᠂ ᠭᠤᠴᠢᠨ ᠲᠠᠪᠤᠳᠠᠭᠢ ᠪᠦᠭᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ᠂ | ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠪᠦᠭᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ | ᠵᠢᠱᠢᠶᠡᠴᠢ ᠪᠣᠯᠣᠨ ᠵᠡᠮᠳᠡᠭᠴᠦᠳ ᠤᠨ ᠠᠵᠢᠯ ᠤᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠳᠤ ᠪᠠᠶᠠᠷ ᠬᠦᠷᠭᠡᠵᠦ᠂ ᠪᠦᠭᠦ ᠤᠯᠤᠰ ᠤᠨ | ᠥᠷᠭᠡᠨ ᠤᠯᠠᠨ ᠵᠡᠮᠳᠡᠭᠴᠦᠳ ᠵᠢᠴᠢ ᠲᠡᠳᠡᠨ ᠤ ᠲᠦᠷᠦᠯ ᠰᠠᠳᠤᠨ᠂ ᠵᠡᠮᠳᠡᠭᠴᠦᠳ ᠤᠨ ᠦᠢᠯᠡᠰ ᠤᠨ ᠠᠵᠢᠯᠲᠠᠳ ᠲᠤ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠵᠡᠮᠳᠡᠭᠴᠦᠳ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠂ ᠪᠠᠰᠠ ᠴᠤ | ᠣᠨᠴᠠᠭᠠᠢ ᠠᠩᠬᠠᠷᠤᠨ ᠬᠠᠯᠠᠮᠵᠢᠯᠠᠬᠤ ᠴᠢᠬᠤᠯᠠᠲᠠᠢ ᠣᠨᠴᠠᠭᠠᠢ ᠬᠦᠴᠢᠷᠳᠡᠯᠲᠡᠢ ᠬᠥᠮᠥᠰ ᠪᠣᠯᠣᠨ᠎ᠠ᠃ ᠰᠢᠨ᠎ᠡ ᠠᠶᠠᠨ ᠳᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠵᠡᠮᠳᠡᠭᠴᠦᠳ ᠤᠨ ᠡᠷᠬᠡ ᠲᠡᠭᠰᠢ ᠡᠷᠬᠡ ᠠᠰᠢᠭ ᠢ ᠦᠨᠡᠨ ᠬᠦ ᠪᠠᠲᠤᠯᠠᠵᠤ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠦᠭᠦ | ᠨᠡᠶᠢᠭᠡᠮ ᠢᠶᠠᠷ ᠢᠶᠠᠨ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ ᠣᠷᠴᠢᠨ | ᠲᠣᠭᠤᠷᠢᠨ ᠢ ᠢᠳᠡᠪᠬᠢᠲᠡᠢ ᠪᠤᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠵᠡᠮᠳᠡᠭᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ | ᠣᠯᠠᠨ ᠵᠡᠮᠳᠡᠭᠴᠦᠳ ᠤᠨ ᠦᠢᠯᠡᠰ ᠤᠨ ᠠᠵᠢᠯᠲᠠᠨ ᠦᠢᠯᠡᠴᠢᠯᠡᠭᠡᠨ ᠤ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠵᠡᠮᠳᠡᠭᠴᠦᠳ ᠤᠨ ᠢᠲᠡᠭᠡᠮᠵᠢᠲᠡᠢ᠂ ᠨᠠᠶᠢᠳᠠᠪᠤᠷᠢᠲᠠᠢ ᠰᠡᠳᠬᠢᠯ ᠢ ᠮᠡᠳᠡᠭᠴᠢ᠂ ᠳᠣᠲᠣᠨᠣ ᠬᠥᠮᠥᠨ ᠪᠤᠯᠬᠤ ᠪᠠᠷ ᠴᠢᠷᠮᠠᠶᠢᠬᠤ ᠬᠡᠷᠡᠭᠲᠡᠢ᠃ ᠥᠷᠭᠡᠨ ᠤᠯᠠᠨ | ᠵᠡᠮᠳᠡᠭᠴᠦᠳ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠠᠴᠠ ᠤᠶᠤᠨ ᠰᠠᠨᠠᠭᠠᠨ ᠤ ᠬᠦᠴᠦᠨ ᠴᠢᠳᠠᠯ ᠣᠯᠵᠤ᠂ ᠬᠦᠴᠢᠷ ᠪᠡᠷᠬᠡᠰᠢᠶᠡᠯ | ᠥᠷᠢᠰᠦᠯᠳᠦᠭᠡᠨ ᠢ ᠵᠣᠷᠢᠭᠲᠠᠢ ᠢᠯᠠᠨ ᠳᠠᠪᠠᠵᠤ᠂ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠢᠳᠡᠪᠬᠢᠲᠡᠢ ᠬᠥᠭᠡᠭᠡᠴᠡᠯᠳᠦᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠭᠰᠠᠨ ᠪᠥᠭᠡᠳ | ᠤᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠪᠠ᠃ | ᠲᠦᠷᠦ ᠶᠢᠨ ᠶᠠᠪᠤᠳᠠᠯ ᠤᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠭᠢᠯᠡᠭᠴᠢ ᠱᠧᠨ ᠢ | ᠴᠢᠨ ᠠᠭᠤᠯᠵᠠᠯᠲᠠ ᠳᠤ ᠣᠷᠣᠯᠴᠠᠬᠰᠠᠨ ᠪᠥᠭᠡᠳ ᠶᠡᠭᠡ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠳᠠᠷᠠᠭ᠎ᠠ ᠨᠢ᠂ ᠲᠡᠷᠡ | ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠳᠤ ᠭᠦᠨ ᠵᠤᠵᠠᠭᠠᠨ ᠬᠠᠶᠢᠷ᠎ᠠ ᠰᠡᠳᠬᠢᠯᠭᠡ᠂ ᠡᠯᠪᠡᠭ ᠪᠠᠶᠠᠯᠢᠭ | ᠠᠭᠤᠯᠤᠭᠳᠠᠬᠤᠨ ᠠᠭᠤᠯᠤᠭᠳᠠᠵᠤ᠂ ᠥᠷᠭᠡᠨ ᠣᠯᠠᠨ ᠵᠡᠮᠳᠡᠭᠴᠦᠳ ᠪᠣᠯᠣᠨ ᠵᠡᠮᠳᠡᠭᠴᠦᠳ ᠤᠨ ᠠᠵᠢᠯᠲᠠᠨ ᠢ ᠲᠤᠶᠢᠯ ᠤᠨ ᠶᠡᠭᠡ ᠪᠠᠷ ᠤᠷᠮᠠᠰᠢᠭᠤᠯᠤᠨ | ᠵᠣᠷᠢᠭᠵᠢᠭᠤᠯᠪᠠ᠃ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠶᠢᠵᠤ᠂ | ᠵᠡᠮᠳᠡᠭᠴᠦᠳ ᠢ ᠬᠠᠯᠠᠮᠵᠢᠯᠠᠨ ᠲᠡᠳᠬᠦᠬᠦ ᠪᠠ ᠡᠷᠬᠡ ᠠᠰᠢᠭ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭᠴᠦᠳ ᠤᠨ ᠥᠪᠡᠷ ᠢ ᠪᠠᠨ | ᠬᠦᠴᠦᠷᠬᠡᠭᠵᠢᠭᠦᠯᠦᠨ ᠪᠡᠶ᠎ᠡ ᠪᠠᠨ ᠳᠠᠭᠠᠭᠠᠬᠤ ᠶᠢ ᠵᠣᠷᠢᠭᠵᠢᠭᠤᠯᠵᠤ᠂ ᠪᠦᠭᠦ ᠨᠡᠶᠢᠭᠡᠮ ᠢᠶᠠᠷ ᠢᠶᠠᠨ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠶᠢ | ᠲᠠᠶᠢᠴᠢᠯᠠᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ᠂ ᠵᠡᠮᠳᠡᠭᠴᠦᠳ ᠢ ᠬᠠᠪᠰᠤᠷᠤᠨ ᠨᠡᠩ ᠵᠣᠯ ᠵᠢᠷᠭᠠᠯ ᠲᠠᠢ ᠰᠠᠶᠢᠨ ᠰᠠᠶᠢᠬᠠᠨ | ᠠᠮᠢᠳᠤᠷᠠᠯ ᠢ ᠨᠢ ᠴᠣᠭᠴᠠᠯᠠᠬᠤ ᠬᠡᠷᠡᠭᠲᠡᠢ ᠭᠡᠵᠦ ᠢᠯᠡᠳᠬᠡᠪᠡ᠃ | ᠶᠡᠭᠡ ᠬᠤᠷᠠᠯ ᠠᠴᠠ 200 ᠨᠡᠷ᠎ᠡ ︽ᠪᠦᠭᠦ ᠤᠯᠤᠰ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ︾᠂ 200 ᠨᠡᠷ᠎ᠡ ︽ᠪᠦᠭᠦ ᠤᠯᠤᠰ ᠤᠨ | ᠵᠡᠮᠳᠡᠭᠴᠦᠳ ᠤᠨ ᠠᠵᠢᠯ ᠤᠨ ᠲᠡᠷᠢᠭᠦᠨ ᠤ ᠬᠠᠮᠲᠤ︾ ᠪᠣᠯᠣᠨ 60 ᠨᠡᠷ᠎ᠡ ︽ᠪᠦᠭᠦ ᠤᠯᠤᠰ ᠤᠨ ᠵᠡᠮᠳᠡᠭᠴᠦᠳ ᠤᠨ ᠠᠵᠢᠯ ᠤᠨ ᠲᠡᠷᠢᠭᠦᠨ ᠤ ᠬᠤᠪᠢ | ᠬᠥᠮᠥᠨ︾ ᠢ ᠬᠥᠬᠢᠭᠦᠯᠦᠨ ᠰᠠᠶᠢᠰᠢᠶᠠᠪᠠ᠃ ᠪᠡᠭᠡᠵᠢᠩ ᠤᠨ ᠰᠢᠨ ᠱᠧᠩ ᠮᠢᠩ ᠨᠠᠰᠤᠵᠢᠯ ᠤᠨ ᠠᠰᠠᠷᠠᠮᠵᠢ ᠪᠠ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ | ᠲᠥᠪ ᠤᠨ ᠡᠷᠭᠢᠯᠡᠭᠴᠢ ᠲᠠᠩ ᠵᠠᠨ ᠰᠢᠨ᠂ ᠨᠢᠩᠰᠢᠶᠠ ᠶᠢᠨ ᠦ᠋ ᠵᠥᠩ ᠬᠤᠲᠠ ᠶᠢᠨ ᠬᠤᠩ ᠰᠧ ᠪᠦ᠋ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠶᠢᠨ | ᠬᠡᠷᠡᠭ ᠡᠷᠭᠢᠯᠡᠭᠴᠢᠳ ᠤᠨ ᠳᠠᠷᠤᠭ᠎ᠠ ᠮᠠ ᠭᠤᠸᠠᠩ ᠪᠦ᠋᠂ ᠡᠯᠧᠺᠲᠷᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ | ᠫᠷᠤᠹᠧᠰᠰᠤᠷ ᠰᠢᠦᠢ ᠫᠧᠩ ᠵᠡᠷᠭᠡ ᠱᠠᠩᠨᠠᠯ ᠭᠥᠷᠳᠡᠭᠰᠡᠨ 3 ᠲᠥᠯᠥᠭᠡᠯᠡᠭᠴᠢ ᠲᠣᠰ ᠲᠣᠰ ᠬᠤᠷᠠᠯ ᠳᠡᠭᠡᠷ᠎ᠡ ᠦᠭᠡ ᠬᠡᠯᠡᠪᠡ᠃ | ᠵᠠᠩ ᠴᠢᠩ ᠸᠧᠢ᠂ ᠾᠧ ᠪᠦᠦ ᠰᠢᠶᠠᠩ ᠪᠣᠯᠣᠨ ᠵᠠᠩ ᠱᠧᠩ ᠮᠢᠨ ᠠᠭᠤᠯᠵᠠᠯᠲᠠ ᠳᠤ ᠣᠷᠣᠯᠴᠠᠬᠰᠠᠨ ᠪᠥᠭᠡᠳ ᠶᠡᠭᠡ ᠬᠤᠷᠠᠯ ᠳᠤ ᠣᠷᠣᠯᠴᠠᠵᠤ᠂ ᠦ᠋ | ᠵᠧᠩ ᠯᠦᠩ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 16 ᠤ ᠴᠠᠭᠢᠯᠭᠠᠨ ᠮᠡᠳᠡᠭᠡ︶ | | | |