ᠰᠢ ᠶᠢᠨ ᠫᠢᠩ ᠦᠷᠦ᠋ᠭᠤᠸᠠᠢ ᠶᠢᠨ ᠤᠤᠯ ᠤᠨ ᠶᠡᠷᠦᠩᠬᠡᠶᠢᠯᠡᠭᠴᠢ ᠮᠦᠰᠢᠺᠠ ᠶᠢᠨ ᠨᠠᠰᠤ ᠪᠠᠷᠠᠭᠰᠠᠨ ᠳᠤ ᠦᠷᠦ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠦᠷᠦ᠋ᠭᠤᠸᠠᠢ ᠶᠢᠨ ᠤᠤᠯ ᠤᠨ ᠶᠡᠷᠦᠩᠬᠡᠶᠢᠯᠡᠭᠴᠢ ᠮᠦᠰᠢᠺᠠ ᠵᠣᠯ ᠪᠤᠰᠤ ᠪᠠᠷ ᠨᠠᠰᠤ ᠪᠠᠷᠠᠭᠰᠠᠨ ᠳᠤ ᠦᠷᠦ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠡᠮᠭᠡᠨᠢᠨ ᠭᠠᠰᠢᠭᠤᠳᠠᠵᠤ᠂ ᠮᠦᠰᠢᠺᠠ ᠶᠢᠨ ᠲᠦᠷᠦᠯ ᠰᠠᠳᠤᠨ ᠪᠣᠯᠣᠨ ᠦᠷᠦ᠋ᠭᠤᠸᠠᠢ ᠶᠢᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ  ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠮᠦᠰᠢᠺᠠ ᠠᠪᠤᠭᠠᠢ ᠪᠣᠯ ᠦᠷᠦ᠋ᠭᠤᠸᠠᠢ ᠶᠢᠨ ᠠᠯᠳᠠᠷᠲᠤ ᠤᠳᠤᠷᠢᠳᠬᠤ ᠬᠥᠮᠥᠨ ᠮᠥᠨ᠂ ᠨᠠᠰᠤᠨ ᠲᠤᠷᠰᠢᠲᠠ ᠦᠷᠦ᠋ᠭᠤᠸᠠᠢ ᠶᠢᠨ ᠠᠷᠠᠳ ᠲᠦᠮᠡᠨ ᠳᠤ ᠪᠤᠶᠠᠨ ᠦᠢᠯᠡᠳᠴᠦ᠂ ᠦᠷᠦ᠋ᠭᠤᠸᠠᠢ ᠶᠢᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠢ ᠶᠡᠬᠡᠳᠡ ᠣᠯᠵᠤ᠂ ᠳᠡᠯᠡᠬᠡᠢ ᠨᠡᠶᠢᠭᠡᠮ ᠳᠤ ᠨᠡᠯᠢᠶᠡᠳ ᠥᠨᠳᠥᠷ ᠨᠡᠷ᠎ᠡ ᠬᠦᠨᠳᠦ ᠲᠠᠢ ᠶᠤᠮ᠃ ᠲᠡᠷᠡ ᠠᠮᠢᠳᠤ ᠰᠡᠷᠡᠭᠦᠨ ᠪᠠᠶᠢᠬᠤ ᠳᠠᠭᠠᠨ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ᠬᠤᠶᠠᠷ ᠤᠯᠤᠰ ᠤᠨ ᠨᠥᠬᠦᠷᠯᠡᠯ ᠤᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠡᠭᠦᠨ ᠤ ᠨᠠᠰᠤ ᠪᠠᠷᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠨᠢᠭᠡᠨ ᠬᠠᠭᠤᠴᠢᠨ ᠨᠠᠶᠢᠵᠠ᠂ ᠰᠠᠶᠢᠨ ᠨᠠᠶᠢᠵᠠ ᠪᠠᠨ ᠠᠯᠳᠠᠪᠠ᠃ ᠪᠢ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠤᠤᠷᠰᠢ ᠯᠦᠭᠡ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠦᠷᠦ᠋ᠭᠤᠸᠠᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ