ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ | ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ | ᠠᠬᠤᠶᠢᠯᠠᠯ ᠢ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠨᠥᠬᠦᠷᠯᠡᠯ ᠢ ᠵᠤᠵᠠᠭᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠰᠢ ᠶᠢᠨ ᠫᠢᠩ᠂ ᠢᠷᠡᠭᠦᠯᠦᠭᠰᠡᠨ ᠵᠠᠬᠢᠳᠠᠯ ᠠᠴᠠ ᠴᠢᠨᠢ ᠲᠠᠨ ᠤ ᠳᠤᠮᠳᠠᠳᠤ ᠤᠯᠤᠰ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠ | ᠳ᠋ᠠᠨᠮᠠᠷᠺ ᠤᠨ ᠳᠤᠮᠳᠠᠳᠤ ᠤᠯᠤᠰ ᠲᠠᠬᠢ ᠠᠵᠤ ᠠᠬᠤᠶᠢᠯᠠᠯ ᠤᠨ ᠳᠤᠮᠳᠠᠳᠤ ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠠᠢ ᠪᠠᠶᠢᠬᠤ ᠶᠢ | ᠣᠯᠵᠤ ᠮᠡᠳᠡᠪᠡ᠂ ᠪᠢ ᠡᠭᠦᠨ ᠢ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠳᠤ᠂ ᠤᠳᠤ᠂ ᠢᠷᠡᠭᠡᠳᠦᠢ ᠳᠤ ᠴᠦ ᠯᠠᠪᠲᠠᠢ | ᠭᠠᠳᠠᠭᠠᠳᠤ ᠶᠢᠨ ᠬᠤᠳᠠᠯᠳᠤᠭᠠᠴᠢᠳ ᠤᠨ ᠬᠦᠰᠡᠨ ᠰᠠᠨᠠᠭᠰᠠᠨ᠂ ᠠᠮᠤᠷ ᠲᠦᠪᠰᠢᠨ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠣᠷᠢᠯᠲᠠᠳᠦ ᠭᠠᠵᠠᠷ | ᠪᠣᠯᠣᠨ᠎ᠠ᠃ ᠳᠤᠮᠳᠠᠳᠤ ᠤᠯᠤᠰ ᠢ ᠢᠲᠡᠭᠡᠬᠦ ᠪᠣᠯ ᠳᠠᠷᠤᠢ ᠮᠠᠷᠭᠠᠰᠢ ᠪᠠᠨ ᠢᠲᠡᠭᠡᠵᠦ ᠪᠠᠶᠢᠭ᠎ᠠ ᠶᠠᠪᠤᠳᠠᠯ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ | ᠳᠠᠷᠤᠢ ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠮᠥᠨ᠃ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ | ᠵᠢᠴᠢ ᠭᠡᠰᠢᠭᠦᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ ᠬᠥᠭᠦᠷᠭᠡ ᠬᠤᠯᠪᠣᠭᠠᠰᠤ ᠶᠢᠨ | ᠦᠢᠯᠡᠳᠦᠯ ᠦᠵᠡᠭᠦᠯᠵᠦ᠂ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ᠂ ᠬᠤᠶᠠᠷ ᠲᠠᠯ᠎ᠠ ᠶᠢᠨ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠲᠦᠷᠦᠭᠦᠬᠡᠨ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠬᠤᠪᠢ ᠬᠥᠮᠥᠨ ᠪᠣᠯᠣᠨ | ᠬᠤᠳᠠᠯᠳᠤᠭᠠᠴᠢᠳ ᠤᠨ ᠨᠡᠶᠢᠭᠡᠮᠯᠢᠭ ᠤᠨ ᠨᠡᠷ᠎ᠡ ᠪᠠᠷ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠳ᠋ᠠᠨᠮᠠᠷᠺ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠪᠠᠶᠠᠷ ᠬᠦᠷᠭᠡᠵᠦ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠬᠦ ᠬᠦᠰᠡᠯ ᠡᠷᠡᠮᠡᠯᠵᠡᠯ ᠢᠶᠠᠨ ᠢᠯᠡᠳᠬᠡᠪᠡ᠃ | |