ᠰᠢ ᠶᠢᠨ ᠫᠢᠩ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ - ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/5/21
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠲᠤᠷᠰᠢᠯᠭ᠎ᠠ ᠮᠥᠨ᠂ ᠪᠠᠰᠠ ᠴᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠴᠢᠬᠤᠯᠠ ᠤᠯᠤᠰ ᠲᠥᠷᠥ ᠶᠢᠨ ᠳᠠᠪᠠᠭᠤᠯᠢᠭ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠬᠡᠵᠦ᠂ ᠪᠠᠶᠢᠴᠠᠭᠠᠨ ᠰᠤᠳᠤᠯᠵᠤ ᠨᠤᠲᠠᠯᠠᠬᠤ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠤᠯᠠᠨ ᠵᠦᠢᠯ ᠤᠨ ᠠᠷᠭ᠎ᠠ ᠭᠡᠯᠪᠡᠷᠢ ᠪᠠᠷ ᠠᠷᠠᠳ ᠤᠯᠠᠨ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ ᠳᠤᠮᠳᠠ ᠡᠭᠦᠳᠦᠭᠰᠡᠨ ᠰᠢᠨ᠎ᠡ ᠰᠣᠷᠭᠤᠭ ᠲᠤᠷᠰᠢᠯᠭ᠎ᠠ ᠶᠢ ᠭᠦᠢᠴᠡᠳ ᠰᠢᠩᠭᠡᠬᠡᠨ ᠠᠪᠴᠤ᠂ ᠬᠠᠷᠠᠯᠲᠠ ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ ᠬᠠᠮᠵᠢᠯᠴᠠᠬᠤ ᠴᠢᠨᠠᠷ ᠢ ᠴᠢᠬᠤᠯᠠᠴᠢᠯᠠᠵᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠪᠣᠯᠣᠨ᠎ᠠ᠂ ᠣᠳᠣᠬᠠᠨ ᠳᠤ ᠨᠠᠮ ᠤᠨ ᠲᠥᠪ ᠬᠤᠷᠢᠶ᠎ᠠ ᠶᠠᠭ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ ᠪᠤᠢ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠠᠯ᠎ᠠ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠤᠯᠠᠨ ᠵᠦᠢᠯ ᠤᠨ ᠭᠡᠯᠪᠡᠷᠢ ᠪᠠᠷ ᠺᠠᠳ᠋ᠷ ᠤᠯᠠᠨ ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠠᠴᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠪᠣᠯᠣᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ