︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/5/21
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃    ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ ᠠᠷᠠᠳ ᠤᠨ ᠡᠳᠦᠷ ᠤᠨ ᠰᠣᠨᠢᠨ᠂  ︽ᠦᠨᠡᠨ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ 29 ᠰᠢᠷᠢᠰ ᠤᠨᠤᠯ ᠤᠨ ᠤᠬᠠᠭᠤᠯᠭ᠎ᠠ ᠶᠢᠨ ᠵᠣᠬᠢᠶᠠᠯ ᠢ ᠣᠷᠣᠭᠤᠯᠵᠤ᠂  ᠪᠠᠷᠤᠭ 23 ᠲᠦᠮᠡᠨ ᠦᠰᠦᠭ  ᠲᠠᠢ᠃  ᠡᠳᠡᠭᠡᠷ  ᠵᠣᠬᠢᠶᠠᠯ  ᠨᠢ  ᠶᠡᠷᠦᠩᠬᠡᠢ  ᠱᠦᠵᠢ  ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠰᠤᠳᠤᠯᠭᠠᠨ᠂ ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ᠃ ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ ᠲᠠᠪᠤᠳᠤᠭᠠᠷ ᠡᠮᠬᠢᠳᠬᠡᠯ᠂ ᠵᠢᠷᠭᠤᠳᠤᠭᠠᠷ ᠡᠮᠬᠢᠳᠬᠡᠯ ᠠᠴᠠ ᠠᠷᠪᠠᠳᠤᠭᠠᠷ ᠡᠮᠬᠢᠳᠬᠡᠯ ᠢ ᠲᠤᠰ ᠲᠤᠰ 2020 ᠣᠨ᠂ 2023 ᠣᠨ ᠳᠤ ᠬᠡᠪᠯᠡᠨ ᠲᠠᠷᠬᠠᠭᠠᠪᠠ᠃        ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ