5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠷᠠᠳ ᠤᠨ ᠡᠮᠦᠨᠡᠲᠦ ᠬᠤᠰᠢᠭᠤᠨ ᠳᠤ | ᠭᠦᠨᠵᠡᠭᠡᠶᠢᠷᠡᠨ᠂ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ᠂ ᠣᠲᠣ ᠦᠶ᠎ᠡ ᠶᠢᠨ ᠥᠨᠳᠥᠷ ᠪᠦᠲᠦᠮᠵᠢᠲᠡᠶ | ᠲᠠᠷᠢᠶᠠᠯᠠᠩ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠠ᠃ | | | | | | | ᠰᠢᠨ ᠠᠨ ᠪᠠᠯᠭᠠᠰᠤᠨ ᠤ ᠴᠢᠩ ᠬᠤᠸᠠ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠲᠤ᠂ ᠾᠧ ᠸᠧᠢ ᠬᠤᠸᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠮᠦ ᠪᠦᠷᠢ ᠳᠤ ᠳᠤᠮᠳᠠᠴᠢ ᠪᠠᠷ ᠣᠷᠣᠭᠤᠯᠤᠭᠰᠠᠨ᠂ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ᠂ ᠭᠠᠷᠤᠯᠲᠠ ᠶᠢᠨ ᠦᠷ᠎ᠡ ᠠᠰᠢᠭ᠂ ᠤᠯᠠᠨ ᠲᠦᠮᠡᠨ ᠤ | ᠣᠷᠣᠯᠴᠠᠭᠰᠠᠨ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠢ ᠴᠢᠩᠭ᠎ᠠ ᠵᠢᠷᠤᠮᠯᠠᠨ | ᠰᠤᠪᠠᠭ ᠤᠢ ᠰᠢᠭᠤᠢ ᠲᠠᠷᠢᠶᠠᠨ ᠭᠠᠵᠠᠷ ᠤᠨ ᠪᠠᠷᠢᠯᠭ᠎ᠠ ᠶᠢᠨ ᠠᠵᠢᠯ ᠢ ᠢᠵᠢ ᠪᠦᠷᠢᠳᠦᠭᠦᠯᠬᠦ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠠᠬᠢᠭᠤᠯᠵᠤ᠂ | ᠪᠦᠬᠦ ᠶᠠᠪᠤᠴᠠ ᠶᠢ ᠬᠢᠨᠠᠨ ᠬᠠᠮᠢᠶᠠᠷᠴᠤ᠂ ᠪᠡᠯᠡ ᠮᠥᠩᠭᠦ ᠨᠢᠭᠡᠪᠦᠷᠢ ᠶᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠯᠠᠨ ᠲᠦᠮᠡᠨ ᠢ | ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ᠬᠦᠴᠦ ᠬᠥᠳᠡᠯᠮᠦᠷᠢ ᠣᠷᠣᠭᠤᠯᠵᠤ᠂ ᠡᠵᠡᠩᠨᠡᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠤᠯᠤᠰ ᠤᠨ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ | ᠠᠷᠠᠳ ᠤᠯᠠᠨ ᠳᠤ ᠪᠣᠳᠠᠲᠠᠢ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠬᠡᠪᠡ᠃ ᠲᠡᠷᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠪᠠᠯᠠ ᠮᠥᠩᠭᠦ | ᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠤᠰᠤᠯᠠᠯᠲᠠ ᠶᠢᠨ ᠣᠷᠣᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ | ᠠᠬᠢᠭᠤᠯᠬᠤ ᠶᠢᠨ ᠬᠠᠮᠲᠤ ᠲᠤᠬᠠᠶ ᠶᠢᠨ ᠭᠠᠵᠠᠷ ᠲᠤ ᠶᠠᠮᠠᠷ ᠪᠥᠲᠥᠭᠡᠨ ᠪᠠᠶᠢᠭᠤᠯᠤᠯᠲᠠ ᠬᠢᠭᠰᠡᠨ ᠴᠦ ᠴᠥᠮ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠪᠣᠯᠬᠤ ᠥᠬᠡᠶ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠦ ᠰᠠᠨᠠᠭᠤᠯᠪᠠ᠃ | | | | | | | | ᠤᠯᠠᠭᠠᠨᠰᠤᠬᠠᠢ ᠨᠠᠭᠤᠷ ᠲᠤ᠂ ᠡᡁᠧ ᠸᠧᠢ ᠬᠤᠸᠠ ᠨᠠᠭᠤᠷ ᠲᠣᠭᠤᠷᠢᠭ ᠤᠨ ᠵᠠᠰᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ | ᠬᠠᠮᠠᠭᠠᠯᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠢᠮᠠᠭᠲᠠ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠰᠢᠷᠣᠢ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠤᠨᠢᠨ ᠳᠡᠭᠡᠷ᠎ᠡ ᠨᠢ ᠬᠠᠤᠯᠢ ᠶᠣᠰᠣᠭᠠᠷ ᠬᠢᠬᠦ ᠶᠢ ᠪᠠᠷᠢᠮᠲᠠᠯᠠᠵᠤ᠂ ᠴᠡᠭ ᠡᠬᠢ ᠰᠤᠷᠪᠤᠯᠵᠢ ᠶᠢᠨ ᠤᠯᠠᠨ ᠡᠬᠢᠲᠦ ᠳᠣᠲᠣᠭᠠᠳᠤ ᠡᠬᠢ | ᠰᠤᠷᠪᠤᠯᠵᠢ ᠶᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠨᠠᠭᠤᠷ ᠪᠦᠷᠢᠳᠦ ᠳᠡᠭᠡᠷᠡᠬᠢ ᠰᠠᠪᠠ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ | ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢ ᠵᠡᠷᠭᠡᠪᠡᠷ ᠠᠳᠬᠤᠵᠤ᠂ ᠨᠠᠭᠤᠷ ᠤᠨ ᠣᠷᠣᠨ ᠤ ᠤᠰᠤᠨ ᠤ ᠴᠢᠨᠠᠷ ᠪᠣᠯᠤᠨ ᠡᠷᠬᠢᠨ ᠲᠣᠭᠤᠷᠢᠨ ᠤ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠤᠢᠢᠷ᠎ᠠ ᠶᠢᠨ ᠵᠢᠯ ᠤᠳ ᠲᠤ ᠵᠠᠰᠠᠵᠤ ᠬᠠᠮᠠᠭᠠᠯᠠᠬᠤ ᠦᠷ᠎ᠡ ᠪᠦᠲᠦᠮᠵᠢ ᠲᠤᠷᠰᠢᠯᠭ᠎ᠠ ᠶᠢ | ᠰᠠᠶᠢᠲᠤᠷ ᠶᠠᠷᠢᠵᠤ᠂ ᠡᠨᠡᠬᠦ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠢ ᠨᠠᠷᠢᠨ ᠨᠢᠮᠪᠠᠢ ᠰᠠᠬᠢᠨ ᠬᠠᠮᠠᠭᠠᠯᠠᠬᠤ ᠬᠡᠷᠡᠭᠲᠡᠢ ᠬᠡᠪᠡ᠃ | | | | | | | ᠤᠯᠠᠭᠠᠨᠰᠤᠬᠠᠢ ᠶᠢᠨ ᠡᠮᠦᠨ᠎ᠡ ᠡᠷᠬᠢ ᠶᠢᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠾᠧ ᠸᠧᠢ | ᠬᠤᠸᠠ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠡᠭᠦᠯᠳᠡᠷ ᠢ ᠰᠣᠩᠭᠤᠨ ᠪᠤᠶᠢᠵᠢᠭᠤᠯᠬᠤ᠂ ᠮᠡᠷᠭᠡᠵᠢᠯ ᠢ ᠳᠡᠯᠭᠡᠷᠡᠭᠦᠯᠬᠦ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠦᠷᠢᠶᠡᠯᠡᠩ ᠲᠣᠭᠤᠷᠢᠭ ᠤᠨ ᠬᠢᠨ ᠢ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠴᠢᠩᠭ᠎ᠠ ᠠᠩᠬᠠᠷᠴᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠡᠩ ᠤᠯᠠᠨ ᠬᠠᠭᠤᠯᠪᠤᠷᠢᠯᠠᠵᠤ ᠪᠣᠯᠬᠤ | ᠳᠡᠯᠭᠡᠷᠡᠭᠦᠯᠵᠦ ᠪᠣᠯᠬᠤ᠂ ᠠᠷᠠᠳ ᠤᠯᠠᠨ ᠤ ᠣᠶᠢᠯᠠᠭᠠᠬᠤ ᠳᠤ ᠠᠮᠠᠷᠬᠠᠨ ᠲᠤᠷᠰᠢᠯᠭ᠎ᠠ ᠠᠷᠭ᠎ᠠ ᠬᠢᠳᠡᠯ ᠢ ᠭᠠᠷᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ | ᠴᠡᠭ ᠢᠶᠠᠷ ᠬᠡᠰᠡᠭ ᠪᠣᠯᠭᠠᠵᠤ᠂ ᠪᠦᠬᠦ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠬᠡᠷᠡᠭᠲᠡᠢ ᠬᠡᠪᠡ᠃ | ᠬᠤᠳᠠ ᠶᠢᠨ ᠤᠳᠤᠷᠢᠳᠤᠯᠭ᠎ᠠ ᠶᠢᠨ ᠵᠤᠤ ᠫᠢᠩ᠂ ᠰᠤᠶᠤᠯᠳᠤ ᠤᠷᠤᠯᠴᠠᠪᠠ᠃ | | |