5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ | ᠵᠠᠬᠢᠳᠠᠯ ᠢᠯᠡᠭᠡᠪᠡ᠃ | ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ ᠪᠤᠯᠬᠤ ᠪᠥᠭᠡᠳ ᠳᠡᠯᠡᠬᠡᠢ ᠶᠢᠨ | ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ᠃ ᠳᠤᠮᠳᠠᠳᠤ ᠤᠯᠤᠰ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ | ᠤᠷᠢᠳᠴᠢᠯᠠᠨ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ᠂ | ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ ᠡᠴᠦᠰ ᠲᠡᠭᠡᠨ ᠬᠥᠭᠵᠢᠯᠲᠡ ᠶᠢᠨ | ᠠᠰᠠᠭᠤᠳᠠᠯ ᠪᠣᠯᠣᠨ᠎ᠠ᠃ ᠣᠶᠢᠷ᠎ᠠ ᠶᠢᠨ ᠵᠢᠯ ᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠳᠤᠮᠳᠠᠳᠤ | ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ | ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ | ᠬᠥᠭᠵᠢᠯᠲᠡ ᠶᠢᠨ ᠵᠠᠮ ᠢ ᠰᠦᠪᠡᠭᠴᠢᠯᠡᠵᠦ᠂ ᠶᠠᠳᠠᠭᠤ ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠳᠡᠯᠡᠬᠡᠢ | ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ ︽ᠦᠷᠭᠦᠯᠵᠢᠯᠡᠨ ᠶᠠᠳᠠᠭᠤ ᠬᠦᠴᠢᠷᠳᠡᠯᠲᠡᠢ | ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ - ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠵᠥᠪᠯᠡᠯ ᠪᠣᠯᠣᠨ ᠱᠠᠨᠰᠢ | ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ︶ | |