| ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ | ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ | ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ | ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ | ᠣᠶᠤᠨᠴᠢ ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᠨᠢᠩ ᠪᠣᠯᠣᠨ | ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠯᠦᠧᠧᠶᠠᠩ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | | | | | | | | ᠪᠠᠷᠠᠭᠤᠨᠳᠡᠬᠢ ᠵᠢᠷᠤᠭ᠄ 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ | ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ | ᠰᠢᠨᠵᠢᠯᠡᠨ ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ | ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ | ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ | ᠪᠣᠯᠣᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ | ᠪᠠᠶᠢᠴᠠᠭᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ | ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ | ᠦᠢᠯᠡᠰ ᠤᠨ ᠳᠠᠪᠠᠭᠤᠯᠢᠭ ᠵᠦᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠶᠡᠭᠡ ᠪᠠᠷ | ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠦ ᠬᠡᠯᠡᠪᠡ᠃ ᠲᠡᠷᠡ ᠠᠵᠢᠯᠲᠠᠨ | ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ | ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ | ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ | ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨ ᠥᠪ ᠪᠣᠯᠣᠨ᠎ᠠ᠃ ᠰᠢ ᠶᠢᠨ | ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ | ᠠᠭᠤᠢ ᠶᠢᠨ ᠭᠦᠩᠭᠠᠷᠠᠪᠠ᠂ ᠭᠦᠷᠦᠭ ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ | ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ | ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ | ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ | ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ | ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ | ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ | ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ | ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ | ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ | ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ | ᠾᠧᠨᠠᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ | ᠠᠯᠬᠤᠮ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ | ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ | ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ | ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ | ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ | ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ | ᠪᠠᠷ ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ | ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ | ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ | ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ | ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ | ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ | ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ | ᠬᠢᠵᠦ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ | ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ ᠠᠵᠢᠯᠯᠠᠭ᠎ᠠ ᠮᠥᠨ᠂ ᠰᠢᠨ᠎ᠡ ᠴᠠᠭ | ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠮᠥᠨ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ | ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ | ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠪᠤᠢ ᠪᠤᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ | ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ | ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠡᠭᠦᠰᠴᠦ᠂ ᠵᠠᠷᠢᠮ ᠨᠢ ᠪᠠᠰᠠ | ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ | ᠪᠠᠶᠢᠪᠠᠯ ᠤᠰᠤᠲᠤᠯ ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ | ᠨᠢᠭᠡᠨᠲᠡ ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ | ᠪᠡᠯᠡᠳᠬᠡᠯ ᠲᠥᠰᠥᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ | ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ︶ | | | |